蒙古文网站Logo
ᠰᠢᠨᠬᠤᠸᠠ ᠮᠤᠩᠭ᠋ᠤᠯ ᠨᠧᠲ

ᠪᠠᠭᠠᠳᠤᠷ᠄ ᠦᠪᠦᠷ ᠮᠤᠩᠭᠤᠯ ᠤᠨ ᠦᠨᠳᠦᠰᠦᠳᠡᠨ ᠤ ᠨᠢᠬᠡᠳᠦᠯ ᠳᠠᠪᠰᠢᠯᠳᠠ ᠶᠢᠨ ᠳᠤᠷᠰᠢᠯᠭ᠎ᠠ ᠶᠢ ᠰᠠᠶᠢᠳᠤᠷ ᠳ᠋ᠦᠩᠨᠡᠵᠤ ᠰᠤᠷᠳᠠᠯᠴᠢᠯᠠᠬᠤ ᠬᠡᠷᠡᠭᠳᠡᠢ

2016-12-21 15:02

    ᠤᠶᠢᠷ᠎ᠠ ᠶᠢᠨ ᠡᠳᠦᠷ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠳᠤᠷ ᠪᠡᠬᠡᠵᠢᠩ ᠤᠨ ᠦᠨᠳᠦᠰᠦᠳᠡᠨ ᠤ ᠰᠤᠶᠤᠯ ᠤᠨ ᠤᠷᠳᠤᠨ ᠳ᠋ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠡᠾᠧᠩ᠂ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠤᠷᠳᠤᠨ ᠤ ᠳᠡᠷᠢᠬᠦᠯᠡᠭᠴᠢ ᠪᠦ᠋ ᠰᠢᠶᠤᠤ ᠯᠢᠨ ᠨᠠᠷ ᠢ ᠬᠦᠯᠢᠶᠡᠨ ᠠᠪᠴᠤ ᠠᠭᠤᠯᠵᠠᠪᠠ᠃

ᠯᠢ ᠵᠢᠢ ᠡᠾᠧᠩ ᠦᠬᠡ ᠬᠡᠯᠡᠪᠡ

    ᠯᠢ ᠵᠢᠢ ᠡᠾᠧᠩ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠤᠯ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠤᠨ ᠡᠬᠢ ᠠᠪᠤᠭᠰᠠᠨ ᠭᠠᠵᠠᠷ᠂ ᠳᠤᠰ ᠳᠦᠷᠢᠮ ᠢ ᠰᠠᠨᠠᠭᠠᠴᠢᠯᠠᠵᠤ ᠬᠡᠷᠡᠭᠵᠢᠬᠦᠯᠦᠭᠰᠡᠨ ᠭᠠᠵᠠᠷ᠂ ᠮᠦᠨ ᠴᠤ ᠮᠠᠨ ᠤ ᠨᠠᠮ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠢ ᠬᠡᠷᠡᠭᠵᠢᠬᠦᠯᠦᠭᠰᠡᠨ ᠦᠯᠢᠬᠡᠷ ᠵᠢᠱᠢᠶ᠎ᠡ ᠪᠠ ᠬᠤᠷᠢᠶᠠᠩᠭᠤᠢ ᠳᠦᠷᠰᠦ ᠪᠤᠯᠬᠤ ᠶᠤᠮ᠃ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠳᠤᠷᠰᠢ ᠮᠤᠨᠳᠠᠭ ᠶᠡᠬᠡ ᠳᠡᠤᠬᠡᠨ ᠬᠤᠪᠢᠷᠠᠯᠳᠠ ᠲᠠᠢ ᠪᠤᠯᠤᠭᠰᠠᠨ᠂ ᠡᠨᠡ ᠨᠢ ᠨᠠᠮ ᠤᠨ ᠦᠨᠳᠦᠰᠦᠳᠡᠨ ᠤ ᠳᠤᠬᠠᠢ ᠳᠦᠷᠦ ᠶᠢᠨ ᠪᠤᠳᠤᠯᠭ᠎ᠠ ᠪᠤᠯᠤᠨ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠳᠦᠷᠢᠮ ᠤᠨ ᠵᠦᠪ ᠤᠨᠤᠪᠴᠢᠳᠠᠢ ᠶᠢ ᠪᠦᠷᠢᠨ ᠬᠦᠢᠴᠡᠳ ᠬᠡᠷᠡᠴᠢᠯᠡᠭᠰᠡᠨ ᠶᠤᠮ᠃ ᠰᠠᠶ᠊ᠢᠬᠠᠨ ᠬᠠᠭᠠᠯᠳᠠ ᠪᠡᠨ ᠬᠢᠭᠰᠡᠨ ᠦᠪᠡᠷᠳᠡᠬᠡᠨ ᠵᠠᠰᠠᠬᠤ ᠤᠷᠤᠨ ᠤ ᠨᠠᠮ ᠤᠨ ᠠᠷᠪᠠᠳᠤᠭᠠᠷ ᠬᠤᠭᠤᠴᠠᠭᠠᠨ ᠤᠨ ᠳᠦᠯᠦᠬᠡᠯᠡᠭᠴᠢᠳ ᠤᠨ ᠶᠡᠬᠡ ᠬᠤᠷᠠᠯ ᠢᠶᠡᠷ᠂ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠴᠤᠪᠤᠷᠠᠯ ᠶᠠᠷᠢᠶᠠᠨ ᠤ ᠵᠤᠷᠢᠭ ᠰᠠᠨᠠᠭ᠎ᠠ᠂ ᠳᠦᠷᠦ ᠶᠢ ᠵᠠᠰᠠᠬᠤ ᠵᠠᠰᠠᠭ ᠢ ᠡᠷᠬᠢᠯᠡᠬᠦ ᠰᠢᠨ᠎ᠡ ᠤᠶᠢᠯᠠᠭᠠᠯᠳᠠ ᠰᠢᠨ᠎ᠡ ᠦᠵᠡᠯᠳᠡ ᠰᠢᠨ᠎ᠡ ᠪᠠᠶᠢᠯᠳᠤᠬᠤ ᠪᠤᠳᠤᠯᠭ᠎ᠠ ᠵᠢᠴᠢ ᠦᠪᠦᠷ ᠮᠤᠩᠭᠤᠯ ᠳᠤ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠡᠷ ᠳᠤᠤᠱᠯᠠᠭᠤᠯᠵᠤ᠂ ᠦᠨᠳᠦᠰᠦᠳᠡᠨ ᠨᠤᠬᠦᠳ ᠤᠨ ᠢᠷᠬᠡᠳ ᠰᠠᠬᠢᠨ ᠪᠠᠷᠠᠯᠠᠵᠤ᠂ ᠨᠢᠬᠡᠳᠦᠨ ᠳᠡᠮᠡᠴᠡᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠡᠷ ᠪᠠᠶᠢᠭᠤᠯᠬᠤ ᠠᠭᠤᠤ ᠶᠡᠬᠡ ᠢᠯᠠᠯᠳᠠ ᠶᠢ ᠳᠡᠮᠡᠴᠡᠨ ᠤᠯᠤᠨ᠎ᠠ ᠬᠡᠵᠤ ᠳᠤᠷᠠᠳᠤᠭᠰᠠᠨ᠃ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠨᠢ ᠦᠷᠬᠦᠯᠵᠢᠯᠡᠨ ᠦᠪᠦᠷ ᠮᠤᠩᠭᠤᠯ ᠢ ᠬᠠᠯᠠᠮᠵᠢᠯᠠᠨ ᠳᠡᠮᠵᠢᠬᠦ ᠶᠢ ᠬᠦᠰᠡᠵᠤ ᠪᠠᠶᠢᠨ᠎ᠠ ᠬᠡᠵᠡᠢ᠃

ᠪᠠᠭᠠᠳᠤᠷ ᠦᠬᠡ ᠬᠡᠯᠡᠪᠡ

    ᠪᠠᠭᠠᠳᠤᠷ᠂ ᠦᠪᠦᠷ ᠮᠤᠩᠭᠤᠯ ᠪᠤᠯ ᠮᠠᠨ ᠤ ᠤᠯᠤᠰ ᠤᠨ ᠬᠠᠮᠤᠭ ᠤᠨ ᠡᠷᠳᠡ ᠪᠠᠶᠢᠭᠤᠯᠤᠭᠳᠠᠭᠰᠠᠨ ᠮᠤᠵᠢ ᠶᠢᠨ ᠵᠡᠷᠬᠡᠯᠡᠯ ᠤᠨ ᠦᠪᠡᠷᠳᠡᠬᠡᠨ ᠵᠠᠰᠠᠬᠤ ᠤᠷᠤᠨ᠂ ᠮᠦᠨ ᠴᠤ ᠮᠠᠨ ᠤ ᠤᠯᠤᠰ ᠤᠨ ᠦᠯᠢᠬᠡᠷ ᠵᠢᠱᠢᠶ᠎ᠠ ᠦᠪᠡᠷᠳᠡᠬᠡᠨ ᠵᠠᠰᠠᠬᠤ ᠤᠷᠤᠨ ᠪᠤᠯᠬᠤ ᠶᠤᠮ᠃ ᠰᠡᠬᠦᠯ ᠤᠨ ᠵᠢᠯ ᠤᠳ ᠲᠤ ᠦᠪᠦᠷ ᠮᠤᠩᠭᠤᠯ ᠨᠢ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠴᠤᠪᠤᠷᠠᠯ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠳᠤᠤᠱᠯᠠᠭᠤᠯᠵᠤ ᠰᠢᠨ᠎ᠡ ᠠᠮᠵᠢᠯᠳᠠ ᠪᠦᠳᠦᠮᠵᠢ ᠪᠤᠯᠤᠨ ᠳᠤᠷᠰᠢᠯᠭ᠎ᠠ ᠬᠤᠷᠠᠮᠳᠤᠭᠤᠯᠤᠭᠰᠠᠨ᠃ ᠦᠪᠦᠷ ᠮᠤᠩᠭᠤᠯ ᠤᠨ ᠦᠨᠳᠦᠰᠦᠳᠡᠨ ᠤ ᠨᠢᠬᠡᠳᠦᠯ ᠳᠠᠪᠰᠢᠯᠳᠠ ᠶᠢᠨ ᠳᠤᠷᠰᠢᠯᠭ᠎ᠠ ᠶᠢ ᠰᠠᠶᠢᠳᠤᠷ ᠳ᠋ᠦᠩᠨᠡᠵᠤ ᠰᠤᠷᠳᠠᠯᠴᠢᠯᠠᠬᠤ ᠨᠢ ᠤᠯᠤᠰ ᠲᠠᠶᠠᠭᠠᠷ ᠤᠨ ᠦᠨᠳᠦᠰᠦᠳᠡᠨ ᠤ ᠪᠦᠬᠦᠯᠢ ᠴᠤᠭᠴᠠ ᠶᠢᠨ ᠠᠵᠢᠯ ᠳᠤ ᠴᠢᠬᠤᠯᠠ ᠵᠢᠯᠤᠭᠤᠳᠬᠤ ᠡᠬᠦᠷᠬᠡ ᠬᠦᠢᠴᠡᠳᠬᠡᠬᠦ ᠳᠡᠳᠦᠢ ᠦᠬᠡᠢ ᠳᠤᠯᠢ ᠪᠤᠯᠬᠤ ᠦᠢᠯᠡᠳᠦᠯ ᠲᠠᠢ ᠶᠤᠮ᠃ ᠮᠦᠨ ᠰᠡᠬᠦᠯ ᠤᠨ ᠵᠢᠯ ᠤᠳ ᠲᠤ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠳᠦᠪ ᠤᠨ ᠦᠨᠳᠦᠰᠦᠳᠡᠨ ᠤ ᠠᠵᠢᠯ ᠤᠨ ᠵᠤᠷᠢᠭ ᠰᠠᠨᠠᠭ᠎ᠠ ᠶᠢ ᠳᠤᠤᠱᠯᠠᠭᠤᠯᠬᠤ ᠭᠤᠤᠯ ᠰᠢᠵᠢᠮ ᠢ ᠪᠠᠷᠢᠵᠤ᠂ 《13·5》 ᠬᠦᠭᠵᠢᠯᠳᠡ ᠶᠢᠨ ᠳᠦᠰᠦᠯ ᠢ ᠳᠦᠰᠦᠪᠯᠡᠵᠤ ᠳᠤᠭᠳᠠᠭᠠᠬᠤ ᠳᠡᠤᠬᠡᠨ ᠠᠵᠠ ᠳᠤᠬᠢᠶᠠᠯ ᠢ ᠠᠮᠵᠢᠨ ᠦᠪᠦᠷ ᠮᠤᠩᠭᠤᠯ ᠢ ᠪᠠᠭᠳᠠᠭᠠᠭᠰᠠᠨ ᠦᠨᠳᠦᠰᠦᠳᠡᠨ ᠤ ᠤᠷᠤᠨ ᠨᠤᠭᠤᠳ ᠤᠨ ᠬᠦᠭᠵᠢᠯᠳᠡ ᠳᠤ ᠢᠳᠡᠪᠬᠢᠳᠡᠢ ᠨᠦᠬᠦᠴᠡᠯ ᠪᠦᠷᠢᠯᠳᠦᠬᠦᠯᠦᠭᠰᠡᠨ᠃ ᠳᠠᠷᠠᠭ᠎ᠠ ᠪᠡᠷ ᠮᠦᠨ ᠦᠪᠦᠷ ᠮᠤᠩᠭᠤᠯ ᠤᠨ ᠪᠦᠬᠦ ᠳᠦᠷᠦᠯ ᠤᠨ ᠠᠵᠢᠯ ᠢ ᠦᠷᠬᠦᠯᠵᠢᠯᠡᠨ ᠳᠡᠮᠵᠢᠵᠤ᠂ ᠦᠪᠦᠷ ᠮᠤᠩᠭᠤᠯ ᠳᠤ ᠬᠠᠮᠵᠢᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠳᠡᠮᠳᠡᠭᠯᠡᠯᠳᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠦᠪᠦᠷ ᠮᠤᠩᠭᠤᠯ ᠯᠤᠭ᠎ᠠ ᠦᠷᠬᠦᠯᠵᠢᠯᠡᠨ ᠤᠶᠢᠯᠠᠭᠠᠯᠴᠠᠯ ᠢᠶᠡᠨ ᠨᠡᠮᠡᠭᠳᠡᠬᠦᠯᠦᠨ ᠬᠠᠮᠳᠤ ᠶᠢᠨ ᠠᠵᠢᠯᠯᠠᠭ᠎ᠠ ᠪᠡᠨ ᠨᠢᠬᠳᠠᠷᠠᠭᠤᠯᠵᠤ᠂ ᠦᠨᠳᠦᠰᠦᠳᠡᠨ ᠤ ᠨᠢᠬᠡᠳᠦᠯ ᠳᠡᠪᠰᠢᠯᠳᠡ ᠶᠢᠨ ᠦᠢᠯᠡᠰ ᠲᠤ ᠬᠠᠮᠳᠤᠪᠠᠷ ᠬᠦᠴᠦᠨ ᠵᠢᠳᠬᠦᠨ᠎ᠡ ᠬᠡᠵᠡᠢ᠃

    ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢᠦ ᠡᠾᠦ᠋ᠢ᠂ ᠳᠡᠳ᠋ ᠡᠷᠬᠢᠯᠡᠭᠴᠢ ᠴᠧᠨ ᠭᠠᠢ ᠬᠤ᠂ ᠳᠤᠰᠬᠠᠢ ᠬᠡᠰᠢᠬᠦᠨ ᠪᠦᠬᠡᠳ ᠠᠯᠪᠠᠨ ᠳᠢᠩᠬᠢᠮ ᠤᠨ ᠡᠷᠬᠢᠯᠡᠭᠴᠢ ᠵᠠᠩ ᠯᠢᠶᠠᠩ ᠽᠧ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢ ᠵᠢᠶᠠ ᠨᠠᠷ ᠬᠤᠷᠠᠯ ᠳᠤ ᠤᠷᠤᠯᠴᠠᠵᠠᠢ᠃

ᠢᠷᠡᠯᠳᠡ᠄ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120160583