蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠯᠦᠭᠡᠯᠡᠭᠴᠢᠳ ᠤᠨ ᠶᠡᠬᠡ ᠬᠤᠷᠠᠯ ᠳᠤ ᠤᠷᠤᠯᠴᠠᠬᠤ ᠲᠦᠯᠦᠭᠡᠯᠡᠭᠴᠢ ᠶᠢ ᠰᠤᠩᠭ᠋ᠤᠬᠤ ᠠᠵᠢᠯ ᠤᠨ ᠬᠤᠷᠠᠯ ᠬᠤᠷᠠᠯᠳᠤᠪᠠ

2016-12-22 16:34

    12 ᠰᠠᠷ ᠠ ᠶᠢᠨ 21 ᠤ ᠦᠳᠡ ᠶᠢᠨ ᠡᠮᠦᠨ᠎ᠡ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠯᠦᠭᠡᠯᠡᠭᠴᠢᠳ ᠤᠨ ᠶᠡᠬᠡ ᠬᠤᠷᠠᠯ ᠳᠤ ᠤᠷᠤᠯᠴᠠᠬᠤ ᠲᠦᠯᠦᠭᠡᠯᠡᠭᠴᠢ ᠶᠢ ᠰᠤᠩᠭ᠋ᠤᠬᠤ ᠠᠵᠢᠯ ᠤᠨ ᠬᠤᠷᠠᠯ ᠬᠦᠬᠡᠬᠤᠲᠠ ᠳᠤ ᠶᠠᠪᠤᠭᠳᠠᠪᠠ᠃ ᠬᠤᠷᠠᠯ ᠡᠴᠡ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠤᠨ ᠵᠢᠷᠭᠤᠳᠤᠭᠠᠷ ᠪᠦᠭᠦᠲᠡ ᠬᠤᠷᠠᠯ ᠪᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠤᠷᠢᠬ ᠰᠠᠨᠠᠭ᠎ ᠠ ᠶᠢ ᠲᠤᠤᠱᠯᠠᠭᠤᠯᠵᠤ ᠨᠠᠶᠢᠳᠠᠪᠤᠷᠢᠵᠢᠭᠤᠯᠤᠨ᠂ ᠲᠦᠪ ᠶᠢᠨ ᠨᠢᠭᠡᠳᠦᠯᠲᠠᠢ ᠲᠤᠬᠢᠷᠠᠭᠤᠯᠤᠯᠲᠠ ᠶᠢ ᠦᠨᠳᠦᠰᠦᠯᠡᠨ ᠪᠤᠲᠠᠲᠠᠢ ᠲᠠᠢ ᠤᠶᠠᠯᠳᠤᠭᠤᠯᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠳ᠋ᠤ ᠤᠷᠤᠯᠴᠠᠬᠤ ᠲᠦᠯᠦᠭᠡᠯᠡᠭᠴᠢ ᠶᠢ ᠰᠤᠩᠭ᠋ᠤᠬᠤ ᠠᠵᠢᠯ ᠢ ᠰᠤᠳᠤᠯᠤᠨ ᠲᠤᠬᠢᠷᠠᠭᠤᠯᠤᠯ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩ᠋ᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠳᠠᠷᠤᠭ᠎ᠠ ᠽᠧᠩ ᠡᠢ ᠴᠦᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃

    ᠽᠧᠩ ᠡᠢ ᠴᠦᠨ ᠵᠢᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠯᠦᠭᠡᠯᠡᠭᠴᠢᠳ ᠤᠨ ᠶᠡᠬᠡ ᠬᠤᠷᠠᠯ ᠳᠤ ᠤᠷᠤᠯᠴᠠᠬᠤ ᠲᠦᠯᠦᠭᠡᠯᠡᠭᠴᠢ ᠶᠢ ᠰᠠᠶᠢᠨ ᠰᠤᠩᠭ᠋ᠤᠬᠤ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠯᠦᠭᠡᠯᠡᠭᠴᠢᠳ ᠤᠨ ᠶᠡᠬᠡ ᠬᠤᠷᠠᠯ  ᠤᠨ ᠠᠮᠵᠢᠯᠲᠠ ᠲᠠᠢ ᠬᠤᠷᠠᠯᠳᠤᠬᠤ ᠶᠢᠨ ᠴᠢᠬᠤᠯᠠ ᠰᠠᠭᠤᠷᠢ᠂ ᠨᠠᠮ ᠤᠨ ᠲᠤᠳᠤᠷᠠᠬᠢ ᠤᠯᠤᠰ ᠲᠦᠷᠦ ᠶᠢᠨ ᠠᠮᠢᠳᠤᠷᠠᠯ ᠢ ᠲᠦᠷᠢᠮᠵᠢᠬᠦᠯᠬᠦ᠂ ᠠᠷᠠᠳᠴᠢᠯᠠᠯ ᠲᠦᠪᠯᠡᠷᠡᠯ ᠤᠨ ᠳᠦᠷᠢᠮ ᠢ ᠲᠤᠤᠱᠯᠠᠭᠤᠯᠬᠤ ᠴᠢᠬᠤᠯᠠ ᠦᠢᠯᠡᠳᠦᠯᠭᠡ ᠮᠦᠨ᠃ ᠨᠠᠮ ᠲᠠᠶᠠᠭᠠᠷ ᠤᠨ ᠬᠦᠴᠦᠨ ᠢ ᠨᠢᠬᠲᠠᠷᠠᠭᠤᠯᠵᠤ᠂ ᠤᠭ ᠢᠶᠡᠨ ᠮᠠᠷᠲᠠᠬᠤ ᠦᠭᠡᠢ᠂ ᠦᠷᠭᠦᠯᠵᠢᠯᠠᠨ ᠤᠷᠤᠭᠰᠢᠯᠠᠨ ᠰᠢᠨ᠎ᠠ ᠠᠶᠠᠨ ᠳᠠᠶᠢᠨ ᠢ ᠰᠠᠶᠢᠲᠤᠷ ᠬᠢᠬᠦ ᠵᠢᠨ ᠴᠢᠬᠤᠯᠠ ᠠᠵᠠ ᠲᠤᠬᠢᠶᠠᠯ ᠶᠤᠮ᠃ ᠤᠯᠤᠰ ᠲᠦᠷᠦ ᠶᠢᠨ ᠬᠠᠷᠢᠭᠤᠴᠠᠯᠭᠠᠲᠤ ᠰᠡᠳᠭᠢᠯᠭᠡ ᠪᠤᠯᠤᠨ ᠲᠡᠤᠬᠡ ᠶᠢᠨ ᠡᠭᠦᠷᠭᠡ ᠬᠠᠷᠢᠭᠤᠴᠠᠭᠠᠯᠳᠤ ᠰᠡᠳᠭᠢᠯᠭᠡ ᠪᠡᠨ ᠪᠠᠲᠤᠲᠠᠢ ᠴᠢᠩ᠋ᠭᠠᠳᠬᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠯᠦᠭᠡᠯᠡᠭᠴᠢᠳ ᠤᠨ ᠶᠡᠬᠡ ᠬᠤᠷᠠᠯ ᠤᠨ ᠲᠦᠯᠦᠭᠡᠯᠡᠭᠴᠢ ᠶᠢ ᠰᠤᠩᠭ᠋ᠤᠬᠤ ᠠᠵᠢᠯ ᠤᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠬᠤ ᠬᠡᠷᠡᠭᠲᠠᠢ ᠭᠡᠯ᠎ᠠ᠃  (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011100001120169165