蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ᠄ ᠦᠬᠡᠷᠡᠴᠢᠯᠡᠯᠳᠡ ᠰᠢᠨᠡᠴᠢᠯᠡᠯᠳᠡ ᠶᠢᠨ ᠵᠤᠷᠢᠭ ᠰᠠᠨᠠᠭ᠎ᠠ ᠪᠡᠷ ᠶᠠᠷᠢᠶ᠎ᠠ ᠬᠡᠯᠡᠯᠴᠡᠬᠡᠨ ᠤ ᠤᠳᠤᠷᠢᠳᠬᠤ ᠳᠦᠪᠰᠢᠨ ᠢᠶᠡᠨ ᠳᠡᠬᠡᠭᠰᠢᠯᠡᠬᠦᠯᠵᠤ ᠨᠠᠮ ᠪᠠ ᠢᠷᠬᠡᠳ ᠤᠨ ᠨᠠᠶᠢᠳᠠᠪᠤᠷᠢᠳᠠᠢ ᠬᠡᠪᠯᠡᠯ ᠮᠡᠳᠡᠬᠡᠯᠡᠯ ᠤᠨ ᠠᠵᠢᠯᠳᠠᠨ ᠪᠤᠯᠬᠤ ᠬᠡᠷᠡᠭᠳᠡᠢ

2016-12-23 11:35

    12 ᠰᠠᠷ᠎ᠠ ᠶᠢᠨ 22 ᠤᠨ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠳᠦᠪ ᠤᠨ ᠤᠷᠤᠨ ᠨᠤᠳᠤᠭ ᠲᠡᠬᠢ ᠰᠠᠯᠪᠤᠷᠢ ᠬᠡᠪᠯᠡᠯ ᠮᠡᠳᠡᠬᠡᠯᠡᠯ ᠤᠨ ᠪᠠᠶᠢᠭᠤᠯᠤᠯᠭ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠮᠡᠳᠡᠬᠡᠯᠡᠯ ᠤᠨ ᠪᠠᠶᠢᠭᠤᠯᠤᠯᠭ᠎ᠠ ᠳᠤ ᠪᠠᠶᠢᠴᠠᠭᠠᠨ ᠰᠤᠳᠤᠯᠵᠤ᠂ ᠬᠡᠪᠯᠡᠯ ᠮᠡᠳᠡᠬᠡᠯᠡᠯ ᠤᠨ ᠠᠵᠢᠯᠳᠠᠳ ᠢ ᠡᠷᠬᠢᠨ ᠳᠤᠬᠤᠨᠢᠭᠤᠯᠬᠤ ᠶᠢᠨ ᠵᠡᠷᠬᠡᠴᠡᠬᠡ ᠪᠠᠭ᠎ᠠ ᠬᠤᠷᠠᠯ ᠬᠤᠷᠠᠯᠳᠤᠭᠤᠯᠤᠭᠰᠠᠨ ᠪᠠᠶᠢᠨ᠎ᠠ᠃

ᠯᠢ ᠵᠢᠢ ᠡᠾᠧᠩ ᠰᠢᠨᠬᠤᠧᠠ ᠬᠤᠷᠢᠶᠠᠨ ᠤ ᠦᠪᠦᠷ ᠮᠤᠩᠭ᠋ᠤᠯ ᠳ᠋ᠡᠬᠢ ᠰᠠᠯᠪᠤᠷᠢ ᠳᠤ

    ᠯᠢ ᠵᠢᠢ ᠡᠾᠧᠩ᠂ ᠰᠢ ᠵᠢᠨ ᠫᠢᠩ ᠶᠡᠷᠦᠩᠬᠡᠢ ᠱᠦᠵᠢ ᠶᠢᠨ ᠬᠡᠪᠯᠡᠯ ᠮᠡᠳᠡᠬᠡᠯᠡᠯ ᠤᠨ ᠠᠵᠢᠯ ᠤᠨ ᠳᠠᠯ᠎ᠠ ᠪᠡᠷ ᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠬᠢᠬᠡᠳ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠤᠰᠤᠭᠠᠷ ᠠᠵᠢᠯ ᠮᠡᠷᠬᠡᠵᠢᠯ ᠤᠨ ᠢᠷᠠᠭᠤ ᠠᠯᠳᠠᠷ ᠢᠶᠡᠨ ᠨᠠᠨᠳᠢᠩᠨᠠᠵᠤ᠂ ᠡᠬᠦᠷᠬᠡ ᠬᠠᠷᠢᠭᠤᠴᠠᠯᠭ᠎ᠠ ᠪᠡᠨ ᠪᠠᠳᠤ ᠴᠡᠬᠡᠵᠢᠯᠡᠨ᠂ ᠤᠬᠠᠮᠰᠠᠷ ᠡᠴᠡ ᠪᠡᠨ ᠡᠬᠦᠷᠬᠡ ᠬᠠᠷᠢᠭᠤᠴᠠᠯᠭ᠎ᠠ ᠪᠡᠨ ᠬᠦᠢᠴᠡᠳᠬᠡᠨ ᠠᠮᠵᠢᠯᠳᠠ ᠪᠦᠳᠦᠮᠵᠢ ᠭᠠᠷᠭᠠᠵᠤ᠂ ᠦᠷᠬᠦᠯᠵᠢᠯᠡᠨ ᠴᠢᠷᠮᠠᠶᠢᠵᠤ ᠮᠠᠨ ᠤ ᠤᠷᠤᠨ ᠤ ᠬᠡᠪᠯᠡᠯ ᠮᠡᠳᠡᠬᠡᠯᠡᠯ ᠤᠨ ᠠᠵᠢᠯ ᠢ ᠰᠢᠨ᠎ᠡ ᠨᠢᠬᠡ ᠳᠦᠪᠰᠢᠨ ᠳᠤ ᠬᠦᠷᠬᠡᠬᠦ ᠬᠡᠷᠡᠭᠳᠡᠢ ᠬᠡᠵᠤ ᠴᠢᠬᠤᠯᠠᠴᠢᠯᠠᠵᠠᠢ᠃

ᠯᠢ ᠵᠢᠢ ᠡᠾᠧᠩ ᠠᠷᠠᠳ ᠤᠨ ᠡᠳᠦᠷ ᠤᠨ ᠰᠤᠨᠢᠨ ᠤ ᠦᠪᠦᠷ ᠮᠤᠩᠭ᠋ᠤᠯ ᠳ᠋ᠡᠬᠢ ᠰᠠᠯᠪᠤᠷᠢ ᠳᠤ

    ᠳᠤᠰ ᠡᠳᠦᠷ᠂ ᠯᠢ ᠵᠢᠢ ᠡᠾᠧᠩ ᠤᠷᠢᠳ ᠬᠤᠵᠢᠳ ᠰᠢᠨᠬᠤᠧᠠ ᠬᠤᠷᠢᠶᠠᠨ ᠤ ᠦᠪᠦᠷ ᠮᠤᠩᠭᠤᠯ ᠳ᠋ᠡᠬᠢ ᠰᠠᠯᠪᠤᠷᠢ᠂ ᠠᠷᠠᠳ ᠤᠨ ᠡᠳᠦᠷ ᠤᠨ ᠰᠤᠨᠢᠨ ᠤ ᠦᠪᠦᠷ ᠮᠤᠩᠭᠤᠯ ᠳ᠋ᠡᠬᠢ ᠰᠠᠯᠪᠤᠷᠢ᠂ ᠳᠦᠪ ᠲᠧᠯᠧᠶ᠋ᠰ ᠤᠨ ᠦᠪᠦᠷ ᠮᠤᠩᠭᠤᠯ ᠳ᠋ᠡᠬᠢ ᠰᠠᠯᠪᠤᠷᠢ᠂ ᠦᠪᠦᠷ ᠮᠤᠩᠭᠤᠯ ᠤᠨ ᠷᠠᠳᠢᠤ‍ ᠲᠧᠯᠧᠶ᠋ᠰ ᠬᠤᠷᠢᠶ᠎ᠠ᠂ ᠳᠦᠪ ᠤᠨ ᠠᠷᠠᠳ ᠤᠨ ᠷᠠᠳᠢᠤ‍ ᠨᠡᠪᠳᠡᠷᠡᠬᠦᠯᠬᠡ ᠶᠢᠨ ᠬᠤᠷᠢᠶ᠎ᠠ᠂ ᠦᠪᠦᠷ ᠮᠤᠩᠭᠤᠯ ᠤᠨ ᠡᠳᠦᠷ ᠤᠨ ᠰᠤᠨᠢᠨ ᠵᠡᠷᠬᠡ ᠬᠡᠪᠯᠡᠯ ᠮᠡᠳᠡᠬᠡᠯᠡᠯ ᠤᠨ ᠪᠠᠶᠢᠭᠤᠯᠤᠯᠭ᠎ᠠ ᠨᠤᠭᠤᠳ ᠢᠶᠡᠷ ᠪᠠᠶᠢᠴᠠᠭᠠᠨ ᠰᠤᠳᠤᠯᠵᠠᠢ᠃ ᠳᠠᠷᠠᠭ᠎ᠠ ᠨᠢ ᠯᠢ ᠵᠢᠢ ᠡᠾᠧᠩ ᠦᠪᠦᠷ ᠮᠤᠩᠭᠤᠯ ᠤᠨ ᠡᠳᠦᠷ ᠤᠨ ᠰᠤᠨᠢᠨ ᠳᠤ ᠬᠤᠷᠠᠯ ᠡᠷᠬᠢᠯᠡᠨ ᠬᠤᠷᠠᠯᠳᠤᠭᠤᠯᠪᠠ᠃

ᠯᠢ ᠵᠢᠢ ᠡᠾᠧᠩ ᠲᠦᠪ ᠲᠧᠯᠧᠶ᠋ᠰ ᠤᠨ ᠦᠪᠦᠷ ᠮᠤᠩᠭ᠋ᠤᠯ ᠳ᠋ᠡᠬᠢ ᠰᠠᠯᠪᠤᠷᠢ ᠳᠤ

    ᠯᠢ ᠿᠧᠨ ᠬᠤ᠂ ᠸᠠᠩ ᠪᠦᠧᠧ᠂ ᠯᠢ ᠵᠧᠩ ᠰᠢᠶᠠᠩ᠂ ᠯᠢᠦ ᠰᠢᠶᠤᠤ ᠪᠦᠧᠧ᠂ ᠸᠠᠩ ᠺᠠᠢ᠂ ᠵᠤᠤ ᠴᠦᠨ ᠲᠤᠤ᠂ ᠠᠨ ᠵᠢᠶᠠᠨ ᠯᠦᠧᠧ᠂ ᠪᠤᠯᠤᠳ᠂ ᠳ᠋ᠦ᠋ ᠵᠢᠶᠤᠧᠠᠨ ᠵᠡᠷᠬᠡ ᠳᠦᠪ ᠤᠨ ᠪᠤᠯᠤᠨ ᠤᠷᠤᠨ ᠨᠤᠳᠤᠭ ᠤᠨ ᠬᠡᠪᠯᠡᠯ ᠮᠡᠳᠡᠬᠡᠯᠡᠯ ᠤᠨ ᠬᠠᠷᠢᠭᠤᠴᠠᠯᠭᠠᠳᠠᠨ ᠬᠢᠬᠡᠳ ᠠᠵᠢᠯᠳᠠᠨ ᠤ ᠳᠦᠯᠦᠬᠡᠯᠡᠭᠴᠢ ᠬᠤᠷᠠᠯ ᠳᠤ ᠤᠷᠤᠯᠴᠠᠵᠤ ᠦᠪᠡᠷᠰᠡᠳ ᠤᠨ ᠦᠵᠡᠯᠳᠡ ᠳᠠᠨᠢᠯᠳᠠ᠂ ᠠᠵᠢᠯ ᠤᠨ ᠢᠶᠡᠨ ᠳᠤᠬᠠᠢ᠂ ᠮᠦᠨ ᠰᠠᠨᠠᠯ ᠪᠤᠳᠤᠯ ᠢᠶᠡᠨ ᠶᠠᠷᠢᠵᠠᠢ᠃

ᠯᠢ ᠵᠢᠢ ᠡᠾᠧᠩ ᠦᠪᠦᠷ ᠮᠤᠩᠭ᠋ᠤᠯ ᠤᠨ ᠷᠠᠳᠢᠤ‍ ᠲᠧᠯᠧᠶ᠋ᠰ ᠬᠤᠷᠢᠶᠠᠨ ᠳᠤ

    ᠯᠢ ᠵᠢᠢ ᠡᠾᠧᠩ ᠳᠡᠳᠡᠨᠡᠷ ᠤᠨ ᠶᠠᠷᠢᠬᠤ ᠶᠢ ᠰᠤᠨᠤᠰᠴᠤ ᠳᠠᠭᠤᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠳᠠᠯᠪᠢᠪᠠ᠃ ᠯᠢ ᠵᠢᠢ ᠡᠾᠧᠩ᠂ ᠳᠦᠪ ᠤᠨ ᠪᠤᠯᠤᠨ ᠤᠷᠤᠨ ᠨᠤᠳᠤᠭ ᠤᠨ ᠬᠡᠪᠯᠡᠯ ᠮᠡᠳᠡᠬᠡᠯᠡᠯ ᠤᠨ ᠬᠢᠨ ᠤ ᠠᠵᠢᠯ ᠢ ᠪᠦᠷᠢᠨ ᠨᠤᠳᠠᠯᠠᠵᠤ᠂ ᠦᠷᠬᠡᠨ ᠤᠯᠠᠨ ᠬᠡᠪᠯᠡᠯ ᠮᠡᠳᠡᠬᠡᠯᠡᠯ ᠤᠨ ᠠᠵᠢᠯᠳᠠᠳ ᠲᠤ ᠪᠠᠶᠠᠷ ᠳᠠᠯᠠᠷᠬᠠᠯ ᠢᠶᠡᠨ ᠢᠯᠡᠷᠬᠡᠶᠢᠯᠡᠬᠡᠳ᠂ ᠮᠡᠳᠡᠬᠡ ᠮᠡᠳᠡᠬᠡᠯᠡᠯ ᠶᠠᠷᠢᠶ᠎ᠠ ᠬᠡᠯᠡᠴᠡᠬᠡᠨ ᠤ ᠠᠵᠢᠯ ᠳᠡᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂《ᠳᠦᠷᠪᠡᠨ ᠤᠬᠠᠮᠰᠠᠷ》᠂ ᠤᠨᠴᠠᠭᠠᠶᠢᠯᠠᠨ ᠭᠤᠤᠯᠯᠠᠬᠤ ᠤᠬᠠᠮᠰᠠᠷ ᠬᠢᠬᠡᠳ ᠨᠢᠬᠡᠳᠦᠯᠳᠡᠢ ᠪᠠᠶᠢᠬᠤ ᠤᠬᠠᠮᠰᠠᠷ ᠢᠶᠡᠨ ᠤᠯᠠᠮ ᠨᠢᠬᠡ ᠠᠯᠬᠤᠮ ᠳᠡᠬᠡᠭᠰᠢᠯᠡᠬᠦᠯᠬᠦ ᠴᠢᠬᠤᠯᠠ ᠲᠠᠢ᠋; ᠵᠦᠪ ᠤᠨᠤᠪᠴᠢᠳᠠᠢ ᠶᠠᠷᠢᠶ᠎ᠠ ᠬᠡᠯᠡᠯᠴᠡᠬᠡᠨ ᠤ ᠵᠢᠯᠤᠭᠤᠳᠤᠯᠭ᠎ᠠ ᠶᠢ ᠪᠠᠷᠢᠮᠳᠠᠯᠠᠵᠤ᠂ ᠤᠬᠠᠮᠰᠠᠷ ᠡᠴᠡ ᠪᠡᠨ ᠭᠤᠤᠯ ᠳᠦᠪ᠂ ᠶᠡᠬᠡ ᠳᠠᠯ᠎ᠠ ᠳᠤ ᠦᠢᠯᠡᠴᠢᠯᠡᠬᠦ ᠬᠡᠷᠡᠭᠳᠡᠢ; ᠦᠬᠡᠷᠡᠴᠢᠯᠡᠯᠳᠡ ᠰᠢᠨᠡᠴᠢᠯᠡᠯᠳᠡ ᠶᠢ ᠢᠳᠡᠪᠬᠢᠳᠡᠢ ᠠᠬᠢᠭᠤᠯᠵᠤ᠂ ᠶᠡᠷᠢᠶ᠎ᠡ ᠬᠡᠯᠡᠯᠴᠡᠬᠡᠨ ᠤ ᠳᠠᠭᠠᠭᠤᠯᠤᠨ ᠤᠳᠤᠷᠢᠳᠬᠤ ᠰᠢᠨ᠎ᠡ ᠪᠠᠶᠢᠳᠠᠯ ᠢ ᠪᠤᠢ ᠪᠤᠯᠭᠠᠬᠤ ᠬᠡᠷᠡᠭᠳᠡᠢ; ᠨᠠᠮ ᠤᠨ ᠮᠡᠳᠡᠬᠡ ᠮᠡᠳᠡᠬᠡᠯᠡᠯ ᠶᠠᠷᠢᠶ᠎ᠠ ᠬᠡᠯᠡᠯᠴᠡᠬᠡᠨ ᠤ ᠠᠵᠢᠯ ᠪᠤᠯ ᠨᠠᠮ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ ᠤᠬᠠᠮᠰᠠᠷ ᠡᠴᠡ ᠪᠡᠨ ᠤᠯᠤᠰ ᠳᠦᠷᠦ ᠶᠢᠨ ᠬᠠᠷᠢᠭᠤᠴᠠᠯᠭ᠎ᠠ ᠬᠢᠬᠡᠳ ᠤᠳᠤᠷᠢᠳᠤᠯᠭ᠎ᠠ ᠶᠢᠨ ᠬᠠᠷᠢᠭᠤᠴᠠᠯᠭ᠎ᠠ ᠪᠡᠨ ᠡᠬᠦᠷᠬᠡᠯᠡᠵᠤ᠂ ᠮᠡᠳᠡᠬᠡ ᠮᠡᠳᠡᠬᠡᠯᠡᠯ ᠶᠠᠷᠢᠶ᠎ᠠ ᠬᠡᠯᠡᠯᠴᠡᠬᠡᠨ ᠤ ᠠᠵᠢᠯ ᠢ ᠵᠢᠩᠬᠢᠨᠢ ᠪᠡᠷ ᠴᠢᠬᠤᠯᠠ ᠪᠠᠶᠢᠷᠢᠨ ᠳᠤ ᠳᠠᠯᠪᠢᠵᠤ᠂ ᠳᠤᠰ ᠭᠠᠵᠠᠷ ᠤᠷᠤᠨ ᠳᠤᠰ ᠬᠡᠯᠳᠡᠰ ᠤᠨ ᠢᠶᠡᠨ ᠮᠡᠳᠡᠬᠡ ᠮᠡᠳᠡᠬᠡᠯᠡᠯ ᠶᠠᠷᠢᠶ᠎ᠠ ᠬᠡᠯᠡᠴᠡᠬᠡᠨ ᠤ ᠠᠵᠢᠯ ᠢ ᠰᠠᠨᠠᠭᠠᠴᠢᠯᠠᠭ᠎ᠠ ᠲᠠᠢ ᠪᠡᠷ ᠳᠦᠰᠦᠪᠯᠡᠵᠤ᠂ ᠳᠦᠪ ᠤᠨ ᠪᠤᠯᠤᠨ ᠤᠷᠤᠨ ᠨᠤᠳᠤᠭ ᠤᠨ ᠬᠡᠪᠯᠡᠯ ᠮᠡᠳᠡᠬᠡᠯᠡᠯ ᠤᠨ ᠬᠢᠨ ᠳᠤ ᠰᠠᠶᠢᠨ ᠨᠦᠬᠦᠴᠡᠯ᠂ ᠬᠦᠴᠦᠨ ᠪᠦᠬᠦᠢ ᠪᠠᠳᠤᠯᠠᠭ᠎ᠠ ᠬᠠᠩᠭᠠᠨ ᠡᠩᠨᠡᠬᠡ᠂ ᠴᠢᠭᠯᠡᠯ ᠬᠠᠨᠳᠤᠯᠠᠭ᠎ᠠ᠂ ᠠᠵᠢᠯ ᠤᠨ ᠹᠷᠤᠨᠲ ᠪᠡᠨ ᠰᠠᠶᠢᠨ ᠬᠠᠮᠢᠶᠠᠷᠬᠤ ᠬᠡᠷᠡᠭᠳᠡᠢ ᠬᠡᠵᠡᠢ᠃

ᠯᠢ ᠵᠢᠢ ᠡᠾᠧᠩ ᠦᠪᠦᠷ ᠮᠤᠩᠭ᠋ᠤᠯ ᠤᠨ ᠡᠳᠦᠷ ᠤᠨ ᠰᠤᠨᠢᠨ ᠳᠤ

    ᠪᠠᠢ ᠢᠤᠢ ᠭᠠᠩ᠂ ᠯᠦᠧᠧ ᠶᠦᠩ ᠭᠠᠩ᠂ ᠸᠠᠩ ᠬᠤᠧᠠᠨ ᠴᠧᠩ ᠵᠡᠷᠬᠡ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠢ ᠡᠾᠧᠩ ᠤᠨ ᠬᠠᠮᠳᠤ ᠪᠠᠶᠢᠴᠠᠭᠠᠨ ᠰᠤᠳᠤᠯᠵᠤ᠂ ᠬᠤᠷᠠᠯ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ  ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120174980