蒙古文网站Logo
ᠰᠢᠨᠬᠤᠸᠠ ᠮᠤᠩᠭ᠋ᠤᠯ ᠨᠧᠲ

ᠬᠦᠩ ᠮᠢᠩ ᠵᠦ ᠤᠷᠳᠤᠰ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠢᠶᠡᠷ ᠳᠤᠮᠢᠯᠠᠭᠳᠠᠵᠤ ᠬᠤᠳᠠ ᠶᠢᠨ ᠳᠠᠷᠤᠭ᠎ᠠ ᠶᠢᠨ ᠰᠤᠩᠭᠤᠭᠤᠯᠢ ᠳᠤ ᠨᠡᠷ᠎ᠡ ᠳᠡᠪᠰᠢᠪᠡ

2016-12-26 13:16

    12 ᠰᠠᠷ᠎ᠠ ᠶᠢᠨ 25 ᠤ ᠡᠳᠦᠷ᠂ ᠤᠷᠳᠤᠰ ᠬᠤᠳᠠ ᠪᠦᠬᠦ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠴᠡ ᠤᠷᠳᠤᠰ ᠬᠤᠳᠠ ᠶᠢᠨ ᠨᠠᠮ ᠵᠠᠰᠠᠭ ᠤᠨ ᠭᠤᠤᠯ ᠴᠢᠬᠤᠯᠠ ᠤᠳᠤᠷᠢᠳᠬᠤ ᠬᠦᠮᠦᠰ ᠲᠤ ᠳᠤᠬᠢᠷᠠᠭᠤᠯᠤᠯᠳᠠ ᠬᠢᠭᠰᠡᠨ ᠳᠤᠭᠳᠠᠭᠠᠯ ᠢ ᠵᠠᠷᠯᠠᠪᠠ᠃ ᠳᠤᠭᠳᠠᠭᠠᠯ ᠳᠤ᠂ ᠬᠦᠩ ᠮᠢᠩ ᠵᠦ ᠤᠷᠳᠤᠰ ᠬᠤᠳᠠ ᠶᠢᠨ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠳᠡᠳ᠋ ᠱᠦᠵᠢ ᠶᠢᠨ ᠳᠤᠰᠢᠶᠠᠯ ᠢ ᠬᠠᠷᠢᠭᠤᠴᠠᠵᠤ᠂ ᠤᠷᠳᠤᠰ ᠬᠤᠳᠠ ᠶᠢᠨ ᠬᠤᠳᠠ ᠶᠢᠨ ᠳᠠᠷᠤᠭ᠎ᠠ ᠶᠢᠨ ᠰᠤᠩᠭᠤᠭᠤᠯᠢ ᠳᠤ ᠨᠡᠷ᠎ᠡ ᠳᠡᠪᠰᠢᠨ᠎ᠡ ᠬᠡᠵᠡᠢ᠃

    ᠬᠦᠩ ᠮᠢᠩ ᠵᠦ᠂ᠡᠷᠡᠭᠳᠡᠢ᠂ ᠮᠤᠩᠭᠤᠯ ᠦᠨᠳᠦᠰᠦᠳᠡᠨ᠂ 1966 ᠤᠨ ᠤ 10 ᠰᠠᠷ᠎ᠠ ᠳᠤ ᠦᠪᠦᠷ ᠮᠤᠩᠭᠤᠯ ᠤᠨ ᠨᠠᠶ᠋ᠮᠠᠨ ᠬᠤᠰᠢᠭᠤᠨ ᠳᠤ ᠳᠦᠷᠦᠵᠡᠢ᠃ ᠮᠠᠬᠢᠰᠲ᠋ᠷ ᠤᠨ ᠰᠤᠷᠤᠯᠭ᠎ᠠ ᠶᠢᠨ ᠨᠠᠮᠳᠠᠷ ᠲᠠᠢ᠂ ᠳᠡᠳ᠋ ᠫᠷᠤᠹᠧᠰᠰᠤᠷ᠂ 1985 ᠤᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠤ᠂ 1989 ᠤᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃

ᠢᠷᠡᠯᠳᠡ᠄ ᠤᠷᠳᠤᠰ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120188880