蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠤᠪᠴᠢᠶᠠᠨ ᠤ ᠤᠤᠯ ᠤᠨ ᠳᠡᠳ᠋ ᠳᠠᠷᠤᠭ᠎ᠠ ᠰᠢᠶᠤᠤ ᠲᠢᠶᠠᠨ ᠢ ᠳᠤ ᠬᠤᠷᠢᠬᠤ ᠶᠠᠯ᠎ᠠ ᠤᠨᠤᠭᠠᠪᠠ

2016-12-27 16:23

    ᠰᠢᠨᠬᠤᠧᠠ ᠬᠤᠷᠢᠶ᠎ᠠ   ᠵᠧᠩᠵᠧᠤ ᠶᠢᠨ 12 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠬᠡ   ᠡᠾᠧᠨᠠᠨ ᠮᠤᠵᠢ ᠶᠢᠨ ᠨᠠᠨᠶᠠᠩ ᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ 26 ᠤ ᠡᠳᠦᠷ ᠮᠡᠳᠡᠬᠡ ᠨᠡᠶᠢᠳᠡᠯᠡᠵᠤ᠂ ᠤᠯᠤᠰ ᠤᠨ ᠪᠡᠶ᠎ᠡ ᠶᠢᠨ ᠳᠠᠮᠢᠷ ᠤᠨ ᠳᠤᠪᠴᠢᠶᠠᠨ ᠤ ᠤᠤᠯ ᠤᠨ ᠳᠡᠳ᠋ ᠳᠠᠷᠤᠭ᠎ᠠ ᠰᠢᠶᠤᠤ ᠲᠢᠶᠠᠨ ᠢ ᠳᠤ 10 ᠵᠢᠯ ᠤᠨ ᠭᠠᠳᠠᠨ᠎ᠠ 6 ᠰᠠᠷ᠎ᠠ ᠶᠢᠨ ᠬᠤᠭᠤᠴᠠᠭ᠎ᠠ ᠲᠠᠢ ᠬᠤᠷᠢᠬᠤ ᠶᠠᠯ᠎ᠠ ᠤᠨᠤᠭᠠᠵᠤ᠂ 50 ᠳᠦᠮᠡᠨ ᠳᠦᠬᠦᠷᠢᠭ ᠢᠶᠡᠷ ᠳᠤᠷᠭᠠᠨ᠎ᠠ᠂ ᠰᠢᠶᠤᠤ ᠲᠢᠶᠠᠨ ᠢ ᠶᠢᠨ ᠠᠪᠯᠢᠭᠠᠯᠠᠭᠰᠠᠨ ᠪᠦᠬᠦ ᠡᠳ᠋ ᠪᠤᠳᠠᠰ ᠢ ᠤᠯᠤᠰ ᠤᠨ ᠬᠦᠮᠦᠷᠬᠡ ᠳᠤ ᠳᠤᠰᠢᠶᠠᠯᠭᠠᠨ᠎ᠠ ᠬᠡᠵᠡᠢ᠃

    1997 ᠤᠨ ᠡᠴᠡ 2014 ᠤᠨ ᠪᠤᠯᠳᠠᠯ᠎ᠠ᠂ ᠰᠢᠶᠤᠤ ᠲᠢᠶᠠᠨ ᠢ ᠤᠯᠤᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠤᠪᠴᠢᠶᠠᠨ ᠤ ᠡᠪᠦᠯ ᠤᠨ ᠳᠠᠮᠢᠷ ᠢ ᠬᠠᠮᠢᠶᠠᠷᠬᠤ ᠳᠦᠪ ᠤᠨ ᠡᠷᠬᠢᠯᠡᠭᠴᠢ᠂ ᠪᠡᠶ᠎ᠡ ᠶᠢᠨ ᠳᠠᠮᠢᠷ ᠤᠨ ᠵᠤᠷᠭᠠᠨ ᠤ ᠳᠠᠷᠤᠭ᠎ᠠ᠂ ᠳᠤᠪᠴᠢᠶᠠᠨ ᠳᠠᠷᠤᠭ᠎ᠠ ᠶᠢᠨ ᠳᠤᠰᠠᠯᠠᠭᠴᠢ᠂ ᠳᠡᠳ᠋ ᠳᠤᠪᠴᠢᠶᠠᠨ ᠳᠠᠷᠤᠭ᠎ᠠ ᠵᠡᠷᠬᠡ ᠳᠤᠰᠢᠶᠠᠯ ᠬᠠᠷᠢᠭᠤᠴᠠᠵᠤ ᠪᠠᠶᠢᠭᠰᠠᠨ ᠬᠤᠭᠤᠴᠠᠭᠠᠨ ᠳ᠋ᠠᠭᠠᠨ ᠪᠠᠷᠢᠯᠭ᠎ᠠ ᠪᠠᠶᠢᠭᠤᠯᠤᠮᠵᠢ ᠤᠯᠬᠤ᠂ ᠤᠷᠤᠯᠳᠤᠭᠠᠨ ᠳᠡᠮᠡᠴᠡᠬᠡᠨ ᠵᠤᠬᠢᠶᠠᠨ ᠪᠠᠶᠢᠭᠤᠯᠬᠤ᠂ ᠠᠵᠢᠯ ᠤᠨ ᠪᠠᠶᠢᠷᠢ ᠬᠠᠩᠭᠠᠬᠤ᠂ ᠵᠡᠷᠬᠡ ᠳᠤᠰᠢᠶᠠᠯ ᠳᠡᠪᠰᠢᠬᠦ ᠵᠡᠷᠬᠡ ᠤᠴᠢᠷ ᠳᠡᠬᠡᠷ᠎ᠡ ᠪᠤᠰᠤᠳ ᠲᠤ ᠬᠠᠤᠯᠢ ᠪᠤᠰᠤ ᠳᠤᠰᠠᠯᠠᠯᠴᠠᠭ᠎ᠠ ᠦᠵᠡᠬᠦᠯᠵᠤ᠂ 796.0662 ᠳᠦᠮᠡᠨ ᠳᠦᠬᠦᠷᠢᠭ ᠠᠪᠯᠢᠭᠠᠯᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120198231