蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠤᠯᠠᠭᠠᠨᠴᠠᠪ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠤᠤᠯ ᠤᠨ ᠳᠡᠳ᠋ ᠳᠡᠷᠢᠬᠦᠯᠡᠭᠴᠢ ᠰᠢᠶᠤᠤ ᠸᠠᠨ ᠱᠧᠤ ᠵᠠᠭᠠᠯᠳᠤᠭᠳᠠᠪᠠ

2016-12-28 09:18

    ᠳᠡᠬᠡᠳᠦ ᠵᠡᠷᠬᠡ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠮᠡᠳᠡᠬᠡ ᠶᠢ ᠦᠨᠳᠦᠰᠦᠯᠡᠪᠡᠯ᠂ ᠦᠪᠦᠷ ᠮᠤᠩᠭᠤᠯ ᠤᠨ ᠤᠯᠠᠭᠠᠨᠴᠠᠪ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠤᠤᠯ ᠤᠨ ᠳᠡᠳ᠋ ᠳᠡᠷᠢᠬᠦᠯᠡᠭᠴᠢ ᠰᠢᠶᠤᠤ ᠸᠠᠨ ᠱᠧᠤ (ᠳᠡᠳ᠋ ᠳᠢᠩᠬᠢᠮ ᠤᠨ ᠳᠡᠰ) ᠠᠪᠯᠢᠭᠠᠯᠠᠭᠰᠠᠨ᠂ ᠵᠡᠷᠬᠡ ᠳᠤᠰᠢᠶᠠᠯ ᠢᠶᠡᠨ ᠤᠷᠪᠠᠭᠤᠯᠤᠨ ᠠᠰᠢᠭᠯᠠᠭᠰᠠᠨ᠂ ᠮᠤᠨᠳᠠᠭ ᠬᠦᠷᠦᠩᠬᠡ ᠶᠢᠨ ᠬᠢᠨᠢ ᠢᠷᠡᠯᠳᠡ ᠨᠢ ᠳᠤᠳᠤ ᠦᠬᠡᠢ ᠵᠡᠷᠬᠡ ᠬᠡᠷᠡᠭ ᠲᠤ ᠬᠤᠯᠪᠤᠭᠳᠠᠭᠰᠠᠨ ᠢᠶᠡᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠡᠴᠡ ᠬᠡᠷᠡᠭ ᠳᠠᠩᠰᠠᠯᠠᠨ ᠪᠠᠶᠢᠴᠠᠭᠠᠬᠤ ᠶᠢᠨ ᠵᠡᠷᠬᠡᠴᠡᠬᠡ ᠠᠷᠠᠳ ᠤᠨ ᠪᠠᠶᠢᠴᠠᠭᠠᠬᠤ ᠬᠤᠷᠢᠶᠠᠨ ᠤ ᠬᠢᠩᠭᠠᠨ ᠠᠶᠢᠮᠠᠭ ᠲᠡᠬᠢ ᠰᠠᠯᠪᠤᠷᠢ ᠬᠢᠨᠠᠨ ᠰᠢᠯᠭᠠᠵᠤ ᠵᠠᠭᠠᠯᠳᠤᠭᠰᠠᠨ ᠪᠠᠶᠢᠨ᠎ᠠ᠃

    2016 ᠤᠨ ᠤ 12 ᠰᠠᠷ᠎ᠠ ᠶᠢᠨ 22 ᠤᠨ ᠡᠳᠦᠷ ᠠᠷᠠᠳ ᠤᠨ ᠪᠠᠶᠢᠴᠠᠭᠠᠬᠤ ᠬᠤᠷᠢᠶᠠᠨ ᠤ ᠬᠢᠩᠭᠠᠨ ᠠᠶᠢᠮᠠᠭ ᠲᠡᠬᠢ ᠰᠠᠯᠪᠤᠷᠢ ᠨᠢ ᠰᠢᠶᠤᠤ ᠸᠠᠨ ᠱᠧᠤ ᠶᠢ ᠬᠢᠩᠭᠠᠨ ᠠᠶᠢᠮᠠᠭ ᠤᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶᠠᠨ ᠳᠤ ᠬᠠᠤᠯᠢ ᠶᠢᠨ ᠳᠠᠭᠠᠤ ᠵᠠᠭᠠᠯᠳᠤᠪᠠ᠃

    ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠬᠢᠨᠠᠨ ᠰᠢᠯᠭᠠᠵᠤ ᠵᠠᠭᠠᠯᠳᠤᠬᠤ ᠶᠠᠪᠤᠴᠠ ᠳᠠᠭᠠᠨ ᠵᠠᠭᠠᠯᠳᠤᠭᠳᠠᠭᠴᠢ ᠰᠢᠶᠤᠤ ᠸᠠᠨ ᠱᠧᠤ ᠳᠤ ᠳᠡᠬᠦᠨ ᠤ ᠵᠠᠷᠭᠤᠯᠳᠤᠬᠤ ᠡᠷᠬᠡ ᠲᠠᠢ ᠶᠢ ᠬᠠᠤᠯᠢ ᠶᠢᠨ ᠳᠠᠭᠠᠤ ᠮᠡᠳᠡᠭᠳᠡᠵᠤ᠂ ᠰᠢᠶᠤᠤ ᠸᠠᠨ ᠱᠧᠤ ᠶᠢ ᠬᠠᠤᠯᠢ ᠶᠢᠨ ᠳᠠᠭᠠᠤ ᠰᠢᠬᠦᠭᠰᠡᠨ ᠳᠡᠳᠦᠢ ᠦᠬᠡᠢ ᠳᠡᠬᠦᠨ ᠤ ᠨᠠᠶᠢᠳᠠᠯᠭ᠎ᠠ ᠶᠢ ᠬᠦᠯᠢᠶᠡᠭᠰᠡᠨ ᠦᠮᠦᠬᠡᠯᠡᠭᠴᠢ ᠶᠢᠨ ᠬᠢᠨᠢ ᠰᠠᠨᠠᠯ ᠢ ᠴᠤ ᠰᠤᠨᠤᠰᠤᠭᠰᠠᠨ ᠪᠠᠶᠢᠨ᠎ᠠ᠃ ᠡᠴᠤᠰ ᠲᠤ ᠨᠢ᠂ ᠵᠠᠭᠠᠯᠳᠤᠭᠳᠠᠭᠴᠢ ᠰᠢᠶᠤᠤ ᠸᠠᠨ ᠱᠧᠤ ᠤᠯᠤᠰ ᠤᠨ ᠠᠵᠢᠯᠳᠠᠠ ᠪᠤᠯᠤᠭᠰᠠᠨ ᠤ ᠬᠤᠪᠢ ᠳᠤ ᠡᠬᠦᠷᠬᠡ ᠬᠠᠷᠢᠭᠤᠴᠠᠯᠭ᠎ᠠ ᠪᠡᠨ ᠬᠦᠢᠴᠡᠳᠬᠡᠭᠰᠡᠨ ᠦᠬᠡᠢ᠂ ᠡᠷᠬᠡ ᠳᠤᠰᠢᠶᠠᠯ ᠢᠶᠡᠨ ᠠᠰᠢᠭᠯᠠᠨ ᠪᠤᠰᠤᠳ ᠲᠤ ᠠᠰᠢᠭ ᠬᠦᠷᠳᠡᠬᠡᠵᠤ ᠠᠪᠯᠢᠭᠠᠯᠠᠭᠰᠠᠨ᠂ ᠳᠤᠰᠢᠶᠠᠯ ᠢᠶᠡᠨ ᠤᠷᠪᠠᠭᠤᠯᠤᠨ ᠠᠰᠢᠭᠯᠠᠵᠤ ᠠᠯᠪᠠᠨ ᠤ ᠮᠦᠩᠬᠦ ᠶᠢ ᠱᠠᠮᠰᠢᠨ ᠤᠯᠤᠰ ᠬᠡᠷ ᠤᠨ ᠠᠰᠢᠭ ᠳᠤᠰᠠ ᠳᠤ ᠬᠤᠬᠢᠷᠠᠯ ᠤᠴᠠᠷᠠᠭᠤᠯᠤᠭᠰᠠᠨ᠂ ᠬᠡᠷ ᠪᠦᠯᠢ ᠶᠢᠨ ᠬᠢᠨᠢ ᠵᠠᠷᠤᠯᠭ᠎ᠠ ᠳᠡᠬᠦᠨ ᠤ ᠬᠠᠤᠯᠢ ᠶᠤᠰᠤᠨ ᠤ ᠤᠷᠤᠯᠭ᠎ᠠ ᠡᠴᠡ ᠢᠯᠡᠷᠬᠡᠢ ᠳᠠᠪᠠᠵᠤ ᠤᠴᠢᠷ ᠰᠢᠯᠳᠠᠭᠠᠨ ᠢᠶᠡᠨ ᠳᠤᠳᠤᠷᠬᠠᠶᠢᠯᠠᠵᠤ ᠴᠢᠳᠠᠭᠰᠠᠨ ᠦᠬᠡᠢ ᠪᠤᠯᠬᠤᠷ ᠬᠠᠤᠯᠢ ᠶᠢᠨ ᠳᠠᠭᠠᠤ ᠬᠡᠬᠡᠯᠢ ᠬᠠᠬᠤᠯᠢ ᠢᠳᠡᠭᠰᠡᠨ᠂ ᠱᠠᠮᠰᠢᠭᠰᠠᠨ᠂ ᠳᠤᠰᠢᠶᠠᠯ ᠢᠶᠡᠨ ᠤᠷᠪᠠᠭᠤᠯᠤᠨ ᠠᠰᠢᠭᠯᠠᠭᠰᠠᠨ᠂ ᠮᠤᠨᠳᠠᠭ ᠬᠦᠷᠦᠩᠬᠡ ᠶᠢᠨ ᠬᠢᠨᠢ ᠢᠷᠡᠯᠳᠡ ᠳᠤᠳᠤᠷᠬᠠᠢ ᠪᠤᠰᠤ ᠵᠡᠷᠬᠡ ᠬᠡᠷᠡᠭ ᠢᠶᠡᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠪᠡᠷ ᠪᠤᠯᠵᠠᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120201911