蒙古文网站Logo
ᠰᠢᠨᠬᠤᠸᠠ ᠮᠤᠩᠭ᠋ᠤᠯ ᠨᠧᠲ

ᠲᠢᠩᠬᠢᠮ ᠲᠤᠪᠴᠢᠶ᠎ᠠ ᠶᠢᠨ ᠲᠡᠰ ᠤᠨ ᠤᠳᠤᠷᠢᠳᠬᠤ ᠺᠠᠳ᠋ᠷ ᠵᠢᠡᠷ ᠲᠡᠪᠰᠢᠬᠦᠯᠦᠨ ᠲᠤᠮᠢᠯᠠᠬᠤ ᠪᠡᠷ ᠪᠠᠢᠢᠭ᠎ᠠ ᠬᠦᠮᠦᠰ ᠢ ᠢᠯᠡ ᠨᠡᠢᠢᠳᠡᠯᠡᠬᠦ ᠲᠤᠬᠠᠢ ᠠᠯᠪᠡᠨ ᠵᠠᠷᠯᠠᠯ

2016-12-28 11:31

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠳᠤᠯᠤᠭᠠᠳ ᠲᠢᠩᠬᠢᠮ ᠲᠤᠪᠴᠢᠶ᠎ᠠ ᠶᠢᠨ ᠲᠡᠰ ᠤᠨ ᠤᠳᠤᠷᠢᠳᠬᠤ ᠺᠠᠳ᠋ᠷ᠋ ᠢᠶᠡᠷ ᠲᠡᠪᠰᠢᠬᠦᠯᠥᠨ ᠲᠤᠮᠢᠯᠠᠬᠤ ᠪᠡᠷ᠋ ᠪᠠᠢᠢᠭ᠎ᠠ 5 ᠬᠦᠮᠤᠨ ᠢ ᠢᠯᠡ ᠨᠡᠢᠢᠳᠡᠯᠡᠬᠦ ᠪᠡᠷ᠋ ᠲᠤᠭᠳᠠᠵᠠᠢ᠃

    ᠨᠢᠬᠡ᠂ ᠢᠯᠡ ᠨᠡᠢᠢᠳᠡᠯᠡᠬᠦ ᠨᠡᠷᠡᠰ

    ᠯᠢ ᠵᠦᠩ ᠺᠠᠢ᠂ 1966 ᠤᠨ ᠤ 10 ᠰᠠᠷ᠎ᠠ ᠳ᠋ᠦ ᠲᠦᠷᠦᠵᠡᠢ᠂ ᠥᠪᠦᠷ᠋ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠵᠢᠨ ᠳᠡᠭᠡᠳᠦ ᠰᠤᠷᠭᠠᠭᠤᠯᠢ ᠵᠢᠨ ᠠᠰᠫᠢᠷᠠᠨᠲ ᠤᠨ ᠰᠤᠷᠤᠯᠭ᠎ᠠ ᠵᠢᠨ ᠨᠠᠮᠳᠠᠷ᠋ ᠲᠠᠢ᠂ ᠲᠠᠷᠢᠶᠠᠯᠠᠩ ᠤᠨ ᠤᠬᠠᠭᠠᠨ ᠤ ᠮᠠᠰᠬᠢᠰᠲ᠋ᠷ᠋᠂ ᠳᠡᠭᠡᠳᠦ ᠵᠡᠷᠬᠡ ᠶᠢᠨ ᠡᠳ᠋ ᠤᠨ ᠵᠠᠰᠠᠭᠴᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠦᠭᠡᠷᠡᠴᠢᠯᠡᠯᠳᠠ ᠵᠢ ᠪᠦᠬᠦ ᠲᠠᠯ᠎ᠠ ᠪᠡᠷ᠋ ᠬᠦᠨᠵᠡᠭᠡᠢᠢᠷᠡᠬᠦᠯᠬᠦ ᠤᠳᠤᠷᠢᠳᠬᠤ ᠲᠤᠭᠤᠢᠢᠯᠠᠩ ᠤᠨ ᠠᠯᠪᠠᠨ ᠭᠡᠷ᠋ ᠤᠨ ᠳᠡᠳ᠋ ᠡᠷᠬᠢᠯᠡᠭᠴᠢ᠂ ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠳᠠ ᠦᠭᠡᠷᠡᠴᠢᠯᠡᠯᠳᠠ ᠵᠢᠨ ᠵᠦᠪᠯᠡᠯ ᠤᠨ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ ᠤ ᠲᠤᠰᠢᠶᠠᠯ ᠲᠠᠢ᠂ ᠤᠳᠤ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠢᠢᠭᠤᠯᠤᠯᠭ᠎ᠠ ᠵᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳ᠋ᠦ ᠲᠡᠪᠰᠢᠬᠦᠯᠦᠨ ᠲᠤᠮᠢᠯᠠᠬᠤ ᠪᠡᠷ᠋ ᠪᠤᠢ᠃ 

    ᠬᠤ ᠹᠧᠩ᠂ 1966 ᠤᠨ ᠤ 2 ᠰᠠᠷ᠎ᠠ ᠳ᠋ᠦ ᠲᠦᠷᠦᠵᠡᠢ᠂ ᠡᠳ᠋ ᠤᠨ ᠵᠠᠰᠠᠭ ᠤᠨ ᠶᠠᠮᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠋ ᠤᠨ ᠠᠰᠫᠢᠷᠠᠨᠲ ᠤᠨ ᠰᠤᠷᠤᠯᠭ᠎ᠠ ᠵᠢᠨ ᠨᠠᠮᠳᠠᠷ᠋ ᠲᠠᠢ᠂ ᠡᠳ᠋ ᠤᠨ ᠵᠠᠰᠠᠭ ᠤᠨ ᠤᠬᠠᠭᠠᠨ ᠤ ᠳ᠋ᠤᠺᠲ᠋ᠤᠷ᠋᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠠᠶᠠᠨᠨᠠᠭᠤᠷ᠋ ᠬᠤᠳᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠵᠢᠨ ᠵᠦᠪᠯᠡᠯ ᠤᠨ ᠱᠦᠵᠢ᠂ ᠨᠠᠮ ᠤᠨ ᠰᠤᠷᠭᠠᠭᠤᠯᠢ ᠵᠢᠨ ᠵᠠᠬᠢᠷᠤᠯ ᠤᠨ ᠲᠤᠰᠢᠶᠠᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠨ ᠵᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳ᠋ᠦ ᠲᠡᠪᠰᠢᠬᠦᠯᠦᠨ ᠲᠤᠮᠢᠯᠠᠬᠤ ᠪᠡᠷ᠋ ᠪᠤᠢ᠃

    ᠴᠧᠨ ᠪᠠᠢ ᠱᠠᠨ᠂ 1962 ᠤᠨ ᠤ 10 ᠰᠠᠷ᠎ᠠ ᠳ᠋ᠦ ᠲᠦᠷᠦᠵᠠᠢ᠂ ᠮᠤᠩᠭᠤᠯ ᠦᠨᠳᠦᠰᠦᠳᠡᠨ᠂ ᠥᠪᠦᠷ᠋ ᠮᠤᠩᠭᠤᠯ ᠤᠨ ᠨᠠᠮ ᠤᠨ ᠰᠤᠷᠭᠠᠭᠤᠯᠢ ᠵᠢᠨ ᠠᠰᠫᠢᠷᠠᠨᠲ ᠤᠨ ᠰᠤᠷᠤᠯᠭ᠎ᠠ ᠵᠢᠨ ᠨᠠᠮᠳᠠᠷ᠋ ᠲᠠᠢ᠂ ᠳᠡᠭᠡᠳᠦ ᠵᠡᠷᠬᠡ ᠶᠢᠨ ᠤᠯᠤᠰ ᠲᠦᠷᠦ ᠵᠢᠨ ᠠᠵᠢᠯᠯᠠᠭᠴᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠥᠪᠦᠷ᠋ ᠮᠤᠩᠭᠤᠯ ᠤᠨ ᠤᠢ ᠰᠢᠭᠤᠢ ᠵᠢᠨ ᠠᠵᠤ ᠦᠢᠯᠡᠳᠪᠤᠷᠢ(ᠪᠦᠯᠦᠭᠯᠡᠯ)ᠵᠢᠨ ᠬᠢᠵᠠᠭᠠᠷᠳᠤ ᠺᠤᠮᠫᠠᠨᠢ ᠵᠢᠨ ᠨᠠᠮ ᠤᠨ ᠬᠤᠷᠢᠶᠠᠨ ᠤ ᠳᠡᠳ᠋ ᠱᠦᠵᠢ ᠵᠢᠨ ᠲᠤᠰᠢᠶᠠᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ᠎ ᠠᠵᠢᠯ ᠦᠢᠯᠡᠰ ᠤᠨ ᠨᠢᠭᠡᠴᠨ ᠵᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳ᠋ᠦ ᠲᠡᠪᠰᠢᠬᠦᠯᠦᠨ ᠲᠤᠮᠢᠯᠠᠬᠤ ᠪᠡᠷ᠋ ᠪᠤᠢ᠃

    ᠶᠠᠨ ᠬᠤᠩ ᠭᠤᠸᠠᠩ᠂ 1970 ᠤᠨ ᠤ 8 ᠰᠠᠷ᠎ᠠ ᠳ᠋ᠦ ᠲᠦᠷᠦᠵᠠᠢ᠂ ᠮᠤᠩᠭᠤᠯ ᠦᠨᠳᠦᠰᠦᠳᠡᠨ᠂ ᠥᠪᠦᠷ᠋ ᠮᠤᠩᠭᠤᠯ ᠤᠨ ᠨᠠᠮ ᠤᠨ ᠰᠤᠷᠭᠠᠭᠤᠯᠢ ᠵᠢᠨ ᠠᠰᠫᠢᠷᠠᠨᠲ ᠤᠨ ᠰᠤᠷᠤᠯᠭ᠎ᠠ ᠵᠢᠨ ᠨᠠᠮᠳᠠᠷ᠋ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠬᠦᠯᠦᠨ ᠪᠤᠢᠢᠷ᠋ ᠬᠤᠳᠠ ᠵᠢᠨ ᠨᠠᠮ ᠤᠨ ᠬᠤᠷᠢᠶᠠᠨ ᠤ ᠪᠠᠢᠢᠩᠭᠤ ᠵᠢᠨ ᠭᠡᠰᠢᠬᠦᠨ᠂ ᠬᠠᠢᠢᠯᠠᠷ᠋ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠵᠢᠨ ᠲᠤᠰᠢᠶᠡᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠨ ᠵᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳ᠋ᠦ ᠲᠡᠪᠰᠢᠬᠦᠯᠦᠨ ᠲᠤᠮᠢᠯᠠᠬᠤ ᠪᠡᠷ᠋ ᠪᠤᠢ᠃

    ᠴᠧᠨ ᠯᠢ ᠶᠠᠨ᠂ ᠡᠮᠡᠭᠳᠡᠢ᠂ 1960 ᠤᠨ ᠤ 12 ᠰᠠᠷ᠎ᠠ ᠳ᠋ᠦ ᠲᠦᠷᠦᠵᠡᠢ᠂ ᠮᠤᠩᠭᠤᠯ ᠦᠨᠳᠦᠰᠦᠳᠡᠨ᠂ ᠴᠢᠴᠢᠬᠠᠷ᠋ ᠤᠨ ᠪᠠᠭᠰᠢ ᠵᠢᠨ ᠳᠡᠭᠡᠳᠦ ᠰᠤᠷᠭᠠᠭᠤᠯᠢ ᠡᠴᠡ ᠳᠡᠬᠦᠰᠦᠭᠰᠡᠨ ᠶᠡᠬᠡ ᠰᠤᠷᠭᠠᠭᠤᠯᠢ ᠶᠢᠨ ᠰᠤᠷᠤᠯᠭ᠎ᠠ ᠵᠢᠨ ᠨᠠᠮᠳᠠᠷ᠋ ᠲᠠᠢ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠡᠯᠡᠳᠭᠡᠯ ᠭᠡᠰᠢᠬᠦᠨ᠂ ᠬᠠᠭᠤᠴᠢᠨ ᠪᠠᠷᠭᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠨ ᠲᠤᠰᠢᠶᠡᠯ ᠲᠠᠢ᠂ ᠠᠢᠢᠮᠠᠬ ᠬᠤᠳᠠ ᠵᠢᠨ ᠳᠡᠳ᠋ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳ᠋ᠦ ᠲᠡᠪᠰᠢᠬᠦᠯᠦᠨ ᠲᠤᠮᠢᠯᠠᠬᠤ ᠪᠡᠷ᠋ ᠪᠤᠢ᠃

    ᠬᠤᠶᠠᠷ᠂ ᠢᠯᠡ ᠨᠡᠢᠢᠳᠡᠯᠡᠬᠦ ᠴᠠᠭ

    2016 ᠤᠨ ᠤ 12 ᠰᠠᠷ᠎ᠠ ᠶᠢᠨ 28 ᠤ ᠡᠳᠤᠷ᠋ ᠡᠴᠡ 2017 ᠤᠨ ᠤ 1 ᠰᠠᠷ᠎ᠠ ᠶᠢᠨ 4 ᠤ ᠡᠳᠤᠷ᠋ ᠪᠤᠯᠳᠠᠯ᠎ᠠ᠃

    ᠭᠤᠷᠪᠠ᠂ ᠬᠦᠯᠢᠶᠡᠨ ᠠᠪᠬᠤ ᠠᠷᠭ᠎ᠠ

    ᠨᠢᠬᠡᠴᠡ ᠪᠤᠯᠤᠨ ᠬᠤᠪᠢ ᠬᠦᠮᠥᠨ ᠰᠤᠷᠪᠤᠯᠵᠢᠯᠠᠬᠤ ᠪᠡᠷ᠋ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ ᠪᠡᠷ᠋ ᠲᠡᠭᠡᠷᠡᠬᠢ ᠢᠯᠡ ᠪᠡᠷ᠋ ᠨᠡᠢᠢᠳᠡᠯᠡᠭᠰᠡᠡ ᠬᠦᠮᠥᠰ ᠤᠨ ᠬᠤᠯᠪᠤᠭᠳᠠᠯ ᠪᠦᠬᠦᠢ ᠪᠠᠢᠢᠳᠠᠯ ᠪᠤᠯᠤᠨ ᠠᠰᠠᠭᠤᠳᠠᠯ ᠢ ᠲᠤᠰᠬᠠᠵᠥ ᠪᠤᠯᠤᠨ᠎ᠠ᠃ ᠲᠤᠰᠬᠠᠭᠰᠠᠠ ᠠᠰᠠᠭᠤᠳᠠᠯ ᠢ ᠪᠠᠢᠢᠴᠠᠭᠠᠬᠤ ᠳ᠋ᠤ ᠬᠡᠷᠡᠴᠢᠯᠡᠬᠦ ᠬᠦᠮᠥᠨ ᠵᠢᠴᠢ ᠪᠤᠰᠤᠳ ᠬᠤᠯᠪᠤᠭᠳᠠᠯ ᠪᠦᠬᠦᠢ ᠰᠦᠪᠡᠭᠴᠢ ᠬᠠᠩᠭᠠᠬᠤ ᠬᠡᠷᠡᠭᠳᠡᠢ᠃ ᠪᠢᠳᠡ ᠠᠰᠠᠭᠤᠳᠠᠯ ᠢ ᠲᠤᠰᠬᠠᠭᠰᠠᠤᠠ ᠵᠢᠴᠢ ᠲᠤᠰᠬᠠᠭᠰᠠᠠ ᠠᠰᠠᠭᠤᠳᠠᠯ ᠤᠨ ᠨᠢᠭᠤᠴᠠ ᠢᠢ ᠬᠠᠮᠠᠭᠠᠯᠠᠨ᠎ᠠ᠃ ᠨᠡᠢᠢᠳᠡ ᠳ᠋ᠤ ᠵᠠᠷᠯᠠᠬᠤ ᠠᠯᠪᠠᠨ ᠭᠡᠷ᠋ ᠢ ᠦᠪᠤᠷ᠋ ᠮᠤᠩᠭᠤᠯ ᠤᠨ ᠨᠠᠮ ᠵᠠᠰᠠᠭ ᠤᠨ ᠪᠠᠢᠢᠭᠤᠯᠤᠯᠭ᠎ᠠ ᠶᠢᠨ ᠠᠯᠪᠠᠨ ᠠᠰᠠᠷ᠋ ᠤᠨ 401 ᠲᠠᠰᠤᠭ ᠲᠥ ᠳᠤᠬᠢᠷᠠᠭᠤᠯᠪᠠ᠃

    ᠬᠦᠯᠢᠶᠡᠨ ᠠᠪᠬᠤ ᠴᠠᠭ᠄ ᠡᠳᠤᠷ᠋ ᠪᠦᠷᠢ ᠢᠢᠨ ᠦᠳᠡ ᠢᠢᠨ ᠡᠮᠤᠨᠡᠬᠢ 9᠄ 00-12᠄ 00 ᠦᠳᠡ ᠢᠢᠨ ᠬᠤᠢᠢᠨᠠᠬᠢ 13᠄ 30-17᠄ 00

    ᠬᠦᠯᠢᠶᠡᠨ ᠠᠪᠬᠤ ᠤᠳᠠᠰᠤ᠄ (0471) 12380

    ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠢᠢᠭᠤᠯᠬᠤ ᠬᠡᠯᠳᠡᠰ

    2016 ᠤᠨ ᠤ 12 ᠰᠠᠷ᠎ᠠ ᠶᠢᠨ 27 ᠤ ᠡᠳᠤᠷ

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120701120203766