蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠤᠬᠡ ᠶᠢᠨ ᠦᠵᠡᠰᠭᠦᠯᠡᠩ ᠤᠨ ᠤᠷᠳᠤᠨ ᠨᠡᠭᠡᠭᠡᠯᠲᠡ ᠪᠡᠨ ᠬᠢᠵᠤ ᠷᠡᠨ ᠶᠠ ᠫᠢᠩ ᠨᠠᠷ ᠦᠵᠡᠰᠭᠦᠯᠡᠩ ᠢ ᠰᠤᠨᠢᠷᠬᠠᠪᠠ

2016-12-30 11:49

    12 ᠰᠠᠷ᠎ᠠ ᠶᠢᠨ 29 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠡᠭᠡᠨ ᠤ ᠰᠤᠶᠤᠯ ᠲᠡᠤᠬᠡ ᠶᠢᠨ ᠦᠵᠡᠰᠭᠦᠯᠡᠩ ᠤᠨ ᠤᠷᠳᠤᠨ ᠨᠡᠭᠡᠭᠡᠯᠲᠡ ᠪᠡᠨ ᠬᠢᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠡᠨ ᠶᠠ ᠫᠢᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠡᠭᠡᠨ ᠤ ᠳᠡᠳ᠋ ᠲᠡᠷᠢᠭᠦᠯᠡᠭᠴᠢ ᠶᠠᠩ ᠴᠧᠩ ᠸᠠᠩ᠂ ᠴᠧᠨ ᠢᠦᠢ᠂ ᠳ᠋ᠦᠩ ᠾᠧᠩ ᠢᠦᠢ᠂ ᠵᠧᠩ ᠹᠦ᠋ ᠲᠢᠶᠠᠨ᠂ ᠨᠢᠦ ᠭᠤᠧᠠᠩ ᠮᠢᠩ᠂ ᠴᠠᠩ ᠬᠠᠢ᠂ ᠯᠦᠧᠧ ᡁᠢ ᠬᠤ ᠨᠠᠷ ᠦᠵᠡᠰᠭᠦᠯᠡᠩ ᠢ ᠰᠤᠨᠢᠷᠬᠠᠪᠠ᠃

    ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠤᠬᠡ ᠶᠢᠨ ᠦᠵᠡᠰᠭᠦᠯᠡᠩ ᠤᠨ ᠤᠷᠳᠤᠨ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭ᠋ᠤ ᠶᠢᠨ ᠬᠤᠷᠢᠶᠠᠨ ᠤ ᠬᠤᠷᠠᠯ ᠤᠨ ᠶᠡᠬᠡ ᠠᠰᠠᠷ ᠤᠨ 4 ᠳ᠋ᠤᠭᠡᠷ ᠲᠠᠪᠬᠤᠷᠯᠢᠭ ᠲᠦ ᠪᠠᠶᠢᠷᠢᠯᠠᠵᠤ᠂ ᠡᠮᠦᠨ᠎ᠠ ᠲᠠᠩᠬᠢᠮ᠂ ᠳᠠᠷᠠᠭᠠᠯᠠᠯ ᠲᠠᠩᠬᠢᠮ᠂ ᠭᠤᠤᠯ ᠦᠵᠡᠰᠭᠦᠯᠡᠩ ᠤᠨ ᠲᠡᠩᠬᠢᠮ᠂ ᠤᠯᠠᠨ ᠴᠢᠳᠠᠮᠵᠢᠲᠤ ᠲᠡᠩᠬᠢᠮ᠂ ᠦᠵᠡᠰᠭᠦᠯᠡᠩ ᠤᠨ ᠭᠤᠳᠤᠮᠵᠢ ᠪᠤᠯᠤᠨ ᠰᠤᠶᠤᠯ ᠲᠡᠤᠬᠡ ᠶᠢᠨ ᠦᠵᠡᠰᠭᠦᠯᠡᠩ ᠤᠨ ᠲᠠᠩᠬᠢᠮ ᠭᠡᠵᠤ ᠬᠤᠪᠢᠶᠠᠵᠠᠢ᠃ ᠦᠵᠡᠰᠭᠦᠯᠡᠩ  ᠤᠨ ᠤᠷᠳᠤᠨ ᠳᠤ ᠤᠳᠤᠬᠠᠨ 197 ᠰᠤᠶᠤᠯ ᠲᠡᠤᠬᠡ ᠶᠢᠨ ᠴᠢᠬᠤᠯᠠ ᠮᠠᠲ᠋ᠧᠷᠢᠶᠠᠯ᠂ 537 ᠬᠤᠪᠤᠷ ᠨᠠᠨᠳᠢᠨ ᠲᠡᠤᠬᠡ ᠶᠢᠨ ᠵᠢᠷᠤᠭ᠂ 3400 ᠭᠠᠷᠤᠢ ᠰᠤᠶᠤᠯ ᠲᠡᠤᠬᠡ ᠶᠢᠨ ᠵᠢᠷᠤᠭᠲᠤ ᠨᠤᠮ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠡᠴᠡ ᠨᠠᠭᠠᠰᠢᠬᠢ ᠰᠤᠶᠤᠯ ᠲᠡᠤᠬᠡ ᠶᠢᠨ 2700 ᠲᠦᠮᠠᠨ ᠭᠠᠷᠤᠢ ᠦᠰᠦᠭ ᠲᠠᠢ272 ᠪᠤᠳᠢ ᠭᠠᠷ ᠪᠢᠴᠢᠮᠠᠯ ᠮᠠᠲ᠋ᠧᠷᠢᠶᠠᠯ ᠵᠡᠷᠭᠡ ᠶᠢ ᠳᠡᠯᠭᠡᠨ ᠦᠵᠡᠭᠦᠯᠵᠤ ᠪᠤᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
关闭
010070230030000000000000011120691120220886