蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠬᠦᠴᠦᠨ ᠢᠶᠡᠨ ᠳᠦᠪᠯᠡᠷᠡᠬᠦᠯᠵᠤ ᠶᠡᠷᠦ ᠪᠤᠰᠤ ᠶᠢᠨ ᠠᠷᠭ᠎ᠠ ᠠᠪᠴᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠬᠤ ᠬᠡᠷᠡᠭᠳᠡᠢ

2017-01-04 14:59

    1 ᠰᠠᠷ᠎ᠠ ᠶᠢᠨ 3 ᠤ ᠡᠳᠦᠷ᠂ ᠤᠷᠤᠨ ᠲᠠᠶᠠᠭᠠᠷ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠡ᠃ ᠲᠡᠷᠡ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠤᠯ ᠤᠷᠢᠳᠤ ᠡᠮᠤᠨ᠎ᠠ ᠪᠠᠶᠢᠭ᠎ᠠ ᠦᠭᠡᠢ ᠠᠤᠭ᠎ᠠ ᠦᠢᠯᠡᠰ᠂ ᠢᠯᠠᠯᠳᠠ ᠤᠯᠬᠤ ᠠᠴᠠ ᠪᠢᠰᠢ ᠤᠬᠤᠷᠢᠬᠤ ᠵᠠᠮ ᠦᠭᠡᠢ ᠳᠠᠶᠢᠯᠠᠯᠳᠤᠭᠠᠨ᠂ ᠮᠦᠨᠴᠦ ᠳᠡᠦᠭᠡ ᠠᠴᠠ ᠪᠢᠳᠠᠨ ᠳᠤ ᠳᠠᠯᠪᠢᠭᠰᠠᠨ ᠦᠩᠭᠡ ᠬᠡᠷᠡᠯᠳᠦ ᠬᠠᠷᠢᠭᠤᠴᠠᠯᠭ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠨᠢᠬᠳᠠᠷᠠᠨ ᠪᠦᠯᠬᠦᠮᠳᠠᠵᠤ᠂ ᠤᠨᠢᠨ ᠳᠡᠭᠡᠷ᠎ᠠ ᠨᠢ ᠬᠦᠴᠦᠯᠡᠨ ᠦᠷᠭᠦᠯᠵᠢᠳᠡ ᠬᠦᠴᠦᠯᠡᠵᠤ᠂ ᠶᠡᠷᠦ ᠪᠤᠰᠤ ᠶᠢᠨ ᠠᠷᠭ᠎ᠠ ᠠᠪᠴᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠵᠤ᠂ ᠡᠭᠡ ᠤᠯᠤᠰ ᠤᠨ ᠤᠮᠠᠷᠠᠳᠤ ᠶᠢᠨ ᠡᠨᠡᠭᠦ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠳᠦᠬᠡᠨ ᠪᠠᠶᠢᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃

    ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠳᠡ ᠶᠢᠨ ᠡᠮᠦᠨᠡᠬᠢ ᠪᠦᠬᠦᠳᠡ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠳᠠᠯᠪᠢᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠦᠳᠡ ᠶᠢᠨ ᠬᠤᠶᠢᠨᠠᠬᠢ ᠪᠦᠬᠦᠳᠡ ᠬᠤᠷᠠᠯ ᠲᠡᠭᠡᠷ᠎ᠡ ᠳ᠋ᠦᠩᠨᠡᠯᠳᠡ ᠶᠢᠨ ᠶᠠᠷᠢᠶ᠎ᠠ ᠲᠠᠯᠪᠢᠪᠠ᠃ ᠬᠤᠷᠠᠯ ᠠᠴᠠ ᠯᠢ ᠵᠢᠢ ᠾᠧᠩ᠂ ᠪᠦ᠋ ᠰᠢᠶᠤᠤ ᠯᠢᠨ ᠤ ᠶᠠᠷᠢᠶ᠎ᠠ ᠶᠢ ᠳᠤᠭᠤᠢᠢᠯᠠᠩ ᠬᠤᠪᠢᠶᠠᠨ ᠶᠠᠷᠢᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ ᠬᠤᠷᠠᠯ ᠳᠤ ᠤᠷᠤᠯᠴᠠᠪᠠ᠃

    ᠯᠢ ᠵᠢᠢ ᠾᠧᠩ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠬᠠᠮᠤᠭ ᠤᠨ ᠬᠠᠳᠠᠭᠤ ᠪᠡᠷᠭᠡᠰᠢᠶᠡᠯᠳᠠᠢ ᠡᠭᠦᠷᠭᠡ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠪᠠᠶᠢᠵᠤ᠂ ᠪᠡᠯᠬᠡ ᠲᠡᠮᠳᠡᠭ ᠤᠨ ᠴᠢᠨᠠᠷᠳᠠᠢ ᠵᠢᠭᠠᠯᠳᠠ ᠳᠤᠭ᠎ᠠ ᠨᠢ ᠶᠠᠳᠠᠭᠤ ᠬᠦᠴᠢᠷᠳᠠᠯᠳᠠᠢ ᠢᠷᠬᠡᠳ ᠢ ᠪᠦᠬᠦᠨ ᠢ ᠶᠠᠳᠠᠭᠤ ᠠᠴᠠ ᠨᠢ ᠠᠩᠬᠢᠵᠢᠷᠠᠭᠤᠯᠬᠤ ᠶᠠᠪᠤᠳᠠᠯ ᠪᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠬᠤ ᠪᠤᠯ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠠᠶᠢᠷᠢᠯᠠᠭᠤᠯᠤᠯᠳᠠ ᠪᠤᠯᠬᠤ ᠪᠦᠭᠡᠳ ᠲᠦᠪ ᠴᠢᠩᠭ᠎ᠠ ᠠᠮᠠᠯᠳᠠᠯᠭ᠎ᠠ ᠪᠤᠯᠬᠤ ᠶᠤᠮ᠃ ᠡᠯ᠎ᠡ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ 2017 ᠤᠨ ᠤ ᠰᠢᠨ᠎ᠠ ᠵᠢᠯ ᠤᠨ ᠪᠠᠶᠠᠷ ᠤᠨ ᠦᠭᠡ ᠶᠢ ᠳᠠᠷᠦ᠋ᠢᠬᠠᠨ ᠤᠯᠠᠮᠵᠢᠯᠠᠨ ᠰᠤᠷᠤᠯᠴᠠᠵᠤ᠂ ᠶᠡᠷᠦᠩᠭᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠭᠦᠯᠵᠢᠳᠡ ᠰᠠᠶᠢᠳᠤᠷ ᠬᠢᠭᠦ ᠳᠤᠬᠠᠢ ᠳᠤᠳᠤᠷᠬᠠᠢ ᠱᠠᠭᠠᠷᠳᠠᠯᠭ᠎ᠠ ᠪᠠ ᠨᠠᠨᠳᠢᠨ ᠭᠦᠰᠡᠯ ᠢ ᠬᠦᠨᠵᠡᠭᠡᠢ ᠤᠢᠢᠯᠠᠭᠠᠵᠤ᠂ ᠶᠡᠷᠦᠩᠭᠡᠢ ᠱᠦᠵᠢ ᠶᠢᠨ ᠴᠢᠬᠤᠯᠠ ᠶᠡᠷᠢᠶ᠎ᠠ ᠶᠢᠨ ᠵᠤᠷᠢᠭ ᠰᠠᠨᠠᠭ᠎ᠠ ᠶᠢ ᠦᠨᠳᠦᠰᠦᠨ ᠱᠠᠳᠤᠨ ᠳᠤ ᠬᠦᠷᠳᠡᠯ᠎ᠠ ᠤᠯᠠᠮᠵᠢᠯᠠᠵᠤ᠂ ᠶᠡᠷᠦᠩᠭᠡᠢ ᠱᠦᠵᠢ ᠶᠢᠨ ᠶᠠᠳᠠᠭᠤ ᠬᠦᠴᠢᠷᠳᠠᠯᠳᠠᠢ ᠤᠯᠠᠨ ᠲᠦᠮᠡᠨ ᠢ ᠬᠠᠯᠠᠮᠵᠢᠯᠠᠭᠰᠠᠨ ᠰᠡᠳᠬᠢᠯᠭᠡ ᠶᠢ ᠶᠠᠳᠠᠭᠤ ᠬᠦᠴᠢᠷᠳᠠᠯᠳᠠᠢ ᠤᠯᠠᠨ ᠲᠦᠮᠡᠨ ᠳᠤ ᠳᠠᠮᠵᠢᠭᠤᠯᠤᠨ ᠦᠭᠴᠦ᠂ ᠺᠠᠳ᠋ᠷ ᠤᠯᠠᠨ ᠲᠦᠮᠡᠨ ᠤᠷᠬᠢᠯᠤᠮ᠎ᠠ ᠬᠠᠯᠠᠭᠤᠨ ᠰᠡᠳᠭᠢᠯᠭᠡ ᠪᠠᠷ ᠵᠤᠷᠢᠭ ᠬᠦᠪᠴᠢᠯᠡᠨ ᠤᠷᠤᠭᠰᠢᠯᠠᠵᠤ᠂ ᠴᠤᠴᠠᠯᠳᠠ ᠦᠭᠡᠢ ᠴᠢᠷᠮᠠᠶᠢᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠬᠤ ᠬᠡᠷᠡᠭᠳᠡᠢ ᠬᠡᠪᠠ᠃

    ᠯᠢ ᠵᠢᠢ ᠾᠧᠩ᠂ ᠦᠪᠦᠷ ᠮᠤᠩᠭᠤᠯ ᠡᠭᠦᠨ ᠠᠴᠠ ᠬᠤᠶᠢᠰᠢᠳᠠ ᠶᠢᠨ 3 ᠵᠢᠯ ᠤᠨ ᠬᠤᠭᠤᠴᠠᠭ᠎ᠠ ᠶᠢ ᠬᠡᠷᠡᠭᠰᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠬᠤ ᠭᠡᠪᠡᠯ ᠡᠷᠬᠡᠪᠰᠢ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠠ ᠨᠢ ᠬᠡᠷᠡᠭᠵᠢᠭᠦᠯᠵᠤ᠂ ᠤᠨᠢᠨ ᠳᠡᠭᠡᠷ᠎ᠠ ᠨᠢ ᠠᠬᠢᠭᠤᠯᠵᠤ᠂ ᠤᠨᠢᠨ ᠳᠡᠭᠡᠷ᠎ᠠ ᠨᠢ ᠨᠠᠶᠢᠳᠠᠪᠤᠷᠢᠵᠢᠭᠤᠯᠵᠤ᠂ ᠶᠠᠳᠠᠭᠤ ᠶᠢ ᠦᠨᠡᠨ ᠳᠡᠳᠭᠦᠵᠤ᠂ ᠦᠨᠡᠨ ᠶᠠᠳᠠᠭᠤ ᠶᠢ ᠳᠡᠳᠭᠦᠵᠤ᠂ ᠦᠨᠡᠨ ᠶᠠᠳᠠᠭᠤ ᠠᠴᠠ ᠠᠩᠬᠢᠵᠢᠷᠠᠭᠤᠯᠬᠤ ᠬᠡᠷᠡᠭᠳᠠᠢ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ《ᠲᠦᠷᠪᠡᠨ ᠤᠬᠠᠮᠰᠠᠷ》᠂ ᠢᠯᠠᠩᠭᠤᠶ᠎ᠠ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠤᠯᠠᠮ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠳᠤ ᠳᠤᠷᠠᠳᠤᠭᠰᠠᠨ ᠱᠠᠭᠠᠷᠳᠠᠯᠭ᠎ᠠ ᠶᠢ ᠪᠠᠳᠤ ᠴᠡᠭᠡᠵᠢᠯᠡᠨ᠂ ᠦᠵᠡᠯ ᠤᠬᠠᠮᠰᠠᠷ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠳᠡᠭᠡᠷ᠎ᠠ ᠦᠨᠡᠨᠭᠦ ᠨᠢᠭᠡᠳᠭᠡᠭᠦ ᠬᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠪᠤᠯ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠶᠢᠨ ᠴᠢᠬᠤᠯᠠ ᠠᠴᠠ ᠴᠢᠬᠤᠯᠠ ᠠᠵᠢᠯ᠂ ᠲᠡᠷᠢᠭᠦᠨ ᠴᠢᠬᠤᠯᠠ ᠢᠷᠬᠡᠳ ᠤᠨ ᠠᠮᠢᠵᠢᠷᠭᠠᠨ ᠤ ᠳᠦᠰᠦᠯ ᠪᠤᠯᠬᠤᠷ ᠵᠠᠪᠠᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠬᠤ ᠬᠠᠷᠢᠭᠤᠴᠠᠯᠭᠠᠳᠦ ᠰᠡᠳᠬᠢᠯᠭᠡ ᠪᠠ ᠳᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠤ᠂ ᠨᠡᠩ ᠤᠨᠤᠪᠴᠢᠳᠠᠢ᠂ ᠨᠡᠩ ᠪᠤᠳᠠᠳᠠᠢ᠂ ᠨᠡᠩ ᠬᠠᠳᠠᠭᠤ ᠴᠢᠩᠭ᠎ᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠪᠤᠯᠤᠨ ᠶᠡᠷᠦ ᠪᠤᠰᠤ ᠶᠢᠨ ᠠᠷᠭ᠎ᠠ ᠠᠪᠴᠠᠯ ᠠᠪᠴᠦ᠂ ᠳᠤᠳᠠᠭᠤᠳᠠᠯ ᠢᠶᠠᠨ ᠨᠦᠭᠦᠪᠦᠷᠢᠯᠡᠨ ᠳᠠᠯᠳᠠ ᠬᠦᠴᠤᠨ ᠢ ᠠᠭᠤᠳᠠᠯᠯᠠᠵᠤ᠂ ᠪᠤᠳᠠᠳᠠᠢ ᠳᠤ ᠨᠠᠶᠢᠳᠠᠪᠤᠷᠢᠵᠢᠭᠤᠯᠵᠤ ᠪᠠᠶᠢᠭᠠᠳ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠬᠠᠷᠠᠯᠳᠠᠳᠤ ᠡᠭᠦᠷᠭᠡ ᠶᠢ ᠪᠦᠬᠦ ᠳᠠᠯ᠎ᠠ ᠪᠠᠷ ᠪᠡᠶᠡᠯᠡᠭᠦᠯᠬᠦ ᠶᠢ ᠪᠠᠳᠤᠯᠠᠵᠤ᠂ ᠢᠯᠠᠭᠳᠠᠵᠤ ᠪᠤᠯᠤᠰᠢ ᠦᠭᠡᠢ ᠡᠨᠡᠭᠦ ᠳᠠᠶᠢᠯᠠᠯᠳᠤᠭᠠᠨ ᠤ ᠢᠯᠡᠯᠳᠠ ᠶᠢ ᠡᠷᠡᠰ ᠢᠶᠠᠷ ᠳᠡᠮᠡᠴᠡᠨ ᠤᠯᠬᠤ ᠬᠡᠷᠡᠭᠳᠠᠢ ᠭᠡᠵᠠᠢ᠃

    ᠯᠢ ᠵᠢᠢ ᠾᠧᠩ᠂ ᠤᠨᠢᠨ ᠳᠡᠭᠡᠷ᠎ᠠ ᠨᠢ ᠶᠠᠳᠠᠭᠤ ᠶᠢ ᠳᠡᠳᠭᠦᠵᠤ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠨᠤᠪᠴᠢᠳᠠᠢ ᠪᠠᠷ ᠢᠯᠭᠠᠨ ᠳᠠᠨᠢᠬᠤ ᠪᠠᠷ ᠦᠷᠭᠦᠯᠵᠢᠳᠡ ᠬᠦᠴᠦᠯᠡᠵᠤ᠂ ᠤᠨᠤᠪᠴᠢᠳᠠᠢ ᠪᠠᠷ ᠢᠯᠭᠠᠨ ᠳᠠᠨᠢᠬᠤ ᠪᠠ ᠳᠠᠩᠰᠠ ᠺᠠᠷᠲ ᠪᠠᠶᠢᠭᠤᠯᠬᠤ ᠠᠵᠢᠯ ᠢ ᠴᠢᠨᠠᠭᠰᠢᠳᠠ ᠰᠠᠶᠢᠳᠤᠷ ᠬᠢᠵᠤ᠂ ᠳᠤᠮᠤ ᠳ᠋ᠠᠶᠢᠲ᠋ᠠ ᠶᠢ ᠠᠰᠢᠬᠯᠠᠨ《ᠶᠠᠳᠠᠭᠤ ᠶᠢ ᠳᠡᠳᠭᠦᠭᠦ ᠡᠭᠦᠯᠡᠨ ᠳᠠᠪᠴᠠᠩ》 ᠢ᠋ ᠲᠦᠷᠭᠡᠳᠭᠡᠨ ᠪᠠᠶᠢᠭᠤᠯᠵᠤ᠂ ᠲᠦᠷᠦᠯ ᠵᠦᠢᠯ᠂ ᠪᠡᠯᠡ ᠮᠦᠩᠭᠦ᠂ ᠠᠷᠭ᠎ᠠ ᠠᠪᠴᠠᠯ᠂ ᠬᠦᠴᠦᠨ ᠵᠦᠢᠯ ᠵᠡᠷᠭᠡ ᠶᠢ ᠶᠠᠳᠠᠭᠤ ᠬᠦᠴᠢᠷᠳᠠᠯᠳᠠᠢ ᠤᠯᠠᠨ ᠲᠦᠮᠡᠨ ᠪᠤᠯᠭᠠᠨ ᠳᠤ ᠤᠨᠤᠪᠴᠢᠳᠠᠢ ᠪᠠᠷ ᠨᠠᠶᠢᠳᠠᠪᠤᠷᠢᠵᠢᠭᠤᠯᠬᠤ ᠬᠡᠷᠡᠭᠳᠠᠢ᠃ ᠤᠨᠴᠠᠯᠢᠭᠳᠤ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠳᠠᠯ᠎ᠠ ᠪᠠᠷ ᠬᠢ ᠤᠯᠠᠨ ᠠᠷᠭ᠎ᠠ ᠬᠡᠮᠵᠢᠶ᠎ᠠ ᠶᠢ ᠪᠤᠳᠤᠯᠬᠢᠯᠠᠵᠤ᠂ ᠡᠯ᠎ᠠ ᠭᠠᠵᠠᠷ ᠤᠷᠤᠨ ᠤ ᠡᠬᠢ ᠪᠠᠶᠠᠯᠢᠭ ᠤᠨ ᠪᠠᠶᠢᠳᠠᠯ᠂ ᠠᠵᠤ ᠦᠢᠯᠡᠰ ᠤᠨ ᠰᠠᠭᠤᠷᠢ ᠬᠢᠭᠡᠳ ᠵᠠᠬ᠎ᠠ ᠵᠡᠬᠡᠯᠢ ᠶᠢᠨ ᠱᠠᠭᠠᠷᠳᠠᠯᠭ᠎ᠠ ᠶᠢ ᠦᠨᠳᠦᠰᠦᠯᠡᠨ ᠳᠠᠷᠢᠶᠠᠯᠠᠬᠤ ᠳᠤ ᠠᠰᠢᠭᠳᠠᠢ ᠪᠤᠯ ᠳᠠᠷᠢᠶ᠎ᠠ ᠳᠠᠷᠢᠵᠤ᠂ ᠤᠢᠢᠵᠢᠭᠤᠯᠬᠤ ᠳᠤ ᠠᠰᠢᠭᠳᠠᠢ ᠪᠤᠯ ᠤᠢᠢᠵᠢᠭᠤᠯᠵᠤ᠂ ᠮᠠᠯᠵᠢᠬᠤ ᠳᠤ ᠠᠰᠢᠭᠳᠠᠢ ᠪᠤᠯ ᠮᠠᠯ ᠮᠠᠯᠵᠢᠵᠤ᠂ ᠠᠷᠠᠯᠵᠢᠶ᠎ᠠ ᠡᠷᠬᠢᠯᠡᠭᠦ ᠳᠤ ᠠᠰᠢᠭᠳᠠᠢ ᠪᠤᠯ ᠠᠷᠠᠯᠵᠢᠶ᠎ᠠ ᠡᠷᠬᠢᠯᠡᠵᠤ᠂ ᠵᠤᠭᠠᠴᠠᠯ ᠡᠷᠬᠢᠯᠡᠭᠦ ᠳᠤ ᠠᠰᠢᠭᠳᠠᠢ ᠪᠤᠯ ᠵᠤᠭᠠᠴᠠᠯ ᠡᠷᠬᠢᠯᠡᠨ ᠶᠠᠳᠠᠭᠤ ᠬᠦᠴᠢᠷᠳᠠᠯᠳᠠᠢ ᠤᠯᠠᠨ ᠲᠦᠮᠡᠨ ᠤ ᠤᠷᠤᠯᠭ᠎ᠠ ᠶᠢᠨ ᠳᠤᠭᠳᠠᠭᠤᠨ ᠨᠡᠮᠡᠭᠳᠡᠯ ᠢ ᠠᠬᠢᠭᠤᠯᠬᠤ ᠬᠡᠷᠡᠭᠳᠠᠢ᠃ ᠬᠦᠭᠵᠢᠯᠳᠡ ᠶᠢᠨ ᠨᠦᠭᠦᠴᠡᠯ ᠢ ᠰᠠᠶᠢᠵᠢᠷᠠᠭᠤᠯᠬᠤ ᠳᠠᠯ᠎ᠠ ᠪᠠᠷ ᠲᠦᠪᠯᠡᠷᠡᠩᠭᠦᠢ ᠰᠢᠪᠳᠤᠯᠤᠯᠳᠠ ᠭᠠᠷᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠰᠢᠨ᠎ᠠ ᠮᠠᠯᠵᠢᠬᠤ ᠳᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ᠂《ᠳᠤᠯᠤᠭᠠᠨ ᠳᠤᠤᠷᠵᠢᠯ》 ᠤ᠋ᠨ ᠪᠦᠳᠦᠬᠡᠨ ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠲᠠᠢ ᠤᠶᠠᠯᠳᠤᠭᠤᠯᠵᠤ᠂ ᠶᠠᠳᠠᠭᠤ ᠬᠦᠴᠢᠷᠳᠠᠯᠳᠠᠢ ᠭᠠᠵᠠᠷ ᠤᠷᠤᠨ ᠤ ᠤᠰᠤ ᠴᠠᠬᠢᠯᠭᠠᠨ᠂ ᠤᠷᠤᠨ ᠰᠠᠭᠤᠴᠠ ᠵᠡᠷᠭᠡ ᠳᠠᠯ᠎ᠠ ᠶᠢᠨ ᠳᠤᠪᠤᠶᠢᠮ᠎ᠠ ᠠᠰᠠᠭᠤᠳᠠᠯ ᠢ ᠲᠦᠪᠯᠡᠷᠡᠩᠭᠦᠢ ᠰᠢᠢᠳᠪᠦᠷᠢᠯᠡᠭᠦ ᠬᠡᠷᠡᠭᠳᠠᠢ᠃ ᠤᠯᠠᠨ ᠨᠡᠶᠢᠳᠡ ᠶᠢᠨ ᠦᠢᠯᠡᠴᠢᠯᠡᠭᠡᠨ ᠤ ᠳᠠᠯ᠎ᠠ ᠳᠤ ᠴᠢᠩᠭ᠎ᠠ ᠬᠦᠴᠦ ᠳᠠᠯᠪᠢᠨ᠂ ᠠᠵᠢᠯ ᠤᠯᠭᠤᠬᠤ᠂ ᠰᠤᠷᠭᠠᠨ ᠬᠦᠮᠦᠵᠢᠯ ᠡᠷᠬᠢᠯᠡᠭᠦ ᠨᠦᠭᠦᠴᠡᠯ ᠢ ᠰᠠᠶᠢᠵᠢᠷᠠᠭᠤᠯᠬᠤ᠂ ᠡᠪᠡᠳᠴᠢᠨ ᠦᠵᠡᠭᠦᠯᠬᠦ ᠳᠤ ᠬᠦᠴᠢᠷᠳᠠᠢ ᠪᠠᠶᠢᠬᠤ ᠵᠡᠷᠭᠡ ᠠᠰᠠᠭᠤᠳᠠᠯ ᠢ ᠵᠤᠬᠢᠰᠳᠠᠢ ᠰᠠᠶᠢᠳᠤᠷ ᠰᠢᠢᠳᠪᠦᠷᠢᠯᠡᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠢᠭᠡᠳ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ ᠲᠦᠷᠦ ᠶᠢᠨ ᠪᠤᠳᠤᠯᠭ᠎ᠠ᠂ ᠳᠡᠳᠭᠦᠭᠦ ᠡᠳᠡᠭᠡᠳ᠂ ᠪᠠᠷᠢᠮᠵᠢᠶ᠎ᠠ ᠪᠠ ᠬᠠᠮᠢᠶᠠᠷᠤᠯᠳᠠ ᠵᠡᠷᠭᠡ ᠳᠠᠯ᠎ᠠ ᠶᠢ ᠰᠠᠶᠢᠳᠤᠷ ᠵᠤᠯᠭᠠᠭᠤᠯᠬᠤ ᠶᠢ ᠲᠦᠷᠭᠡᠳᠭᠡᠨ ᠠᠬᠢᠭᠤᠯᠵᠤ᠂ ᠪᠠᠳᠤᠯᠠᠬᠤ ᠴᠢᠬᠤᠯᠠᠳᠠᠢ ᠪᠤᠯᠭᠠᠨ ᠢ ᠪᠠᠳᠤᠯᠠᠬᠤ ᠬᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠬᠠᠮᠳᠤᠷᠠᠯ ᠬᠦᠴᠦᠨ ᠢ ᠨᠢᠭᠳᠠᠷᠠᠭᠤᠯᠬᠤ ᠳᠠᠯ᠎ᠠ ᠳᠤ ᠰᠢᠨ᠎ᠠ ᠦᠷ᠎ᠠ ᠪᠦᠳᠦᠮᠵᠢ ᠭᠠᠷᠭᠠᠵᠤ᠂ ᠳᠤᠳᠤᠭᠠᠳᠤ ᠬᠦᠴᠦᠨ ᠢ ᠪᠠᠳᠠᠷᠠᠭᠤᠯᠤᠨ ᠭᠠᠳᠠᠭᠠᠳᠤ ᠬᠦᠴᠦᠨ ᠢ ᠰᠠᠶᠢᠳᠤᠷ ᠠᠰᠢᠬᠯᠠᠵᠤ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠶᠠᠳᠠᠭᠤ ᠶᠢ ᠳᠡᠳᠭᠦᠭᠦ ᠬᠠᠮᠳᠤᠷᠠᠯᠴᠠᠭ᠎ᠠ ᠶᠢ ᠳᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠳᠤᠭᠳᠠᠭᠰᠠᠨ ᠴᠢᠬ ᠢᠶᠠᠷ ᠶᠠᠳᠠᠭᠤ ᠶᠢ ᠳᠡᠳᠭᠦᠭᠦ᠂ ᠠᠵᠢᠯ ᠲᠦᠷᠦᠯ ᠢᠶᠠᠷ ᠳᠤᠰᠠᠯᠠᠬᠤ ᠪᠠ ᠨᠡᠶᠢᠭᠡᠮ ᠤᠨ ᠶᠠᠳᠠᠭᠤ ᠶᠢ ᠳᠡᠳᠭᠦᠭᠦ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠭᠡᠷᠡᠭᠳᠠᠢ ᠬᠡᠵᠠᠢ᠃

    ᠯᠢ ᠵᠢᠢ ᠾᠧᠩ ᠴᠢᠬᠤᠯᠠᠴᠢᠯᠠᠭᠰᠠᠨ ᠨᠢ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠡᠯ᠎ᠠ ᠱᠠᠳᠤᠨ ᠤ ᠶᠠᠳᠠᠭᠤ ᠶᠢ ᠳᠡᠳᠭᠦᠭᠦ ᠡᠭᠦᠷᠭᠡ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠤᠨᠴᠠᠭᠠᠢᠢᠯᠠᠨ ᠬᠤᠰᠢᠭᠤ ᠰᠢᠶᠠᠨ ᠤ ᠱᠠᠳᠤᠨ ᠤ ᠡᠭᠦᠷᠭᠡ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠠᠢ᠃ ᠤᠯᠠᠨ ᠠᠷᠭ᠎ᠠ ᠵᠠᠮ ᠢᠶᠠᠷ ᠪᠡᠯᠡ ᠮᠦᠩᠭᠦ ᠬᠤᠷᠠᠮᠳᠤᠭᠤᠯᠵᠤ᠂ ᠨᠡᠩ ᠤᠯᠠᠨ ᠢᠳᠡᠭᠡᠮᠵᠢᠳᠤ ᠵᠢᠭᠡᠯᠡᠯᠭᠡ ᠪᠠ ᠨᠡᠶᠢᠭᠡᠮ ᠤᠨ ᠪᠡᠯᠡ ᠮᠦᠩᠭᠦ ᠶᠢ ᠳᠠᠳᠠᠨ ᠤᠷᠤᠭᠤᠯᠵᠤ᠂ ᠶᠠᠳᠠᠭᠤ ᠶᠢ ᠳᠡᠳᠭᠦᠭᠦ ᠬᠦᠷᠦᠩᠬᠡ ᠤᠷᠤᠭᠤᠯᠤᠯᠳᠠ ᠶᠢ ᠶᠡᠭᠡ ᠬᠡᠮᠵᠢᠶ᠎ᠠ ᠪᠠᠷ ᠨᠡᠮᠡᠭᠳᠡᠭᠦᠯᠬᠦ ᠬᠡᠷᠡᠭᠳᠠᠢ᠃ ᠶᠠᠳᠠᠭᠤ ᠶᠢ ᠳᠡᠳᠭᠦᠭᠦ ᠪᠡᠯᠡ ᠮᠦᠩᠭᠦ ᠶᠢᠨ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠬᠠᠤᠯᠢ ᠲᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠭᠦ ᠬᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠢᠭᠡᠳ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠤᠷᠭᠠᠨᠢᠭ ᠢᠶᠠᠷ ᠤᠶᠠᠯᠳᠤᠭᠤᠯᠬᠤ ᠪᠠ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠶᠢ ᠪᠠᠷᠢᠮᠳᠠᠯᠠᠵᠤ᠂《ᠨᠠᠮ ᠤᠨ ᠪᠠᠶᠢᠭᠤᠯᠤᠯᠳᠠ ᠪᠠᠷ ᠶᠠᠳᠠᠭᠤ ᠶᠢ ᠳᠠᠳᠭᠦᠭᠦ ᠶᠢ ᠳᠠᠶᠢᠴᠢᠯᠠᠬᠤ᠂ ᠶᠠᠳᠠᠭᠤ ᠶᠢ ᠳᠡᠳᠭᠦᠭᠦ ᠪᠠᠷ ᠨᠠᠮ ᠤᠨ ᠪᠠᠶᠢᠭᠤᠯᠤᠯᠳᠠ ᠶᠢ ᠠᠬᠢᠭᠤᠯᠬᠤ》 ᠰᠢᠨ᠎ᠠ ᠵᠠᠭᠪᠤᠷ ᠢ ᠬᠠᠶᠢᠨ ᠰᠦᠪᠡᠭᠴᠢᠯᠡᠨ ᠳᠡᠯᠭᠡᠷᠡᠭᠦᠯᠵᠦ᠂ ᠦᠨᠳᠦᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠤᠯᠠᠨ ᠲᠦᠮᠡᠨ ᠢᠶᠠᠨ ᠳᠠᠶᠢᠴᠢᠯᠠᠨ ᠶᠠᠳᠠᠭᠤ ᠠᠴᠠ ᠠᠩᠬᠢᠵᠢᠷᠠᠭᠤᠯᠵᠤ ᠪᠠᠶᠠᠵᠢᠯ ᠤᠨ ᠵᠠᠮ ᠳᠤ ᠤᠷᠤᠭᠤᠯᠬᠤ ᠶᠢᠨ ᠪᠠᠳᠤ ᠪᠠᠬᠢ ᠳᠠᠶᠢᠯᠠᠯᠳᠤᠭᠠᠨ ᠤ ᠪᠠᠬᠢᠯᠡᠯᠳᠡ ᠪᠤᠯᠭᠠᠨ ᠪᠠᠶᠢᠭᠤᠯᠬᠤ ᠬᠡᠷᠡᠭᠳᠠᠢ ᠭᠡᠪᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120244108