蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠶᠤᠰᠤ ᠰᠤᠷᠳᠠᠬᠤᠨ ᠤ ᠵᠢᠱᠢᠶ᠍ᠡᠴᠢ ᠵᠢ ᠤᠬᠠᠭᠤᠯᠤᠨ ᠰᠤᠷᠤᠯᠴᠠᠬᠤ ᠠᠵᠢᠯᠯᠠᠭ᠎ᠠ ᠵᠢ ᠬᠦᠨᠵᠡᠬᠡᠢ ᠦᠷᠨᠢᠬᠦᠯᠵᠤ ᠦᠪᠦᠷ ᠮᠤᠩᠭᠤᠯ ᠤᠨ ᠬᠦᠭᠵᠢᠯᠳᠡ ᠳᠤ ᠤᠶ᠍ᠤᠨ ᠰᠠᠨᠠᠭᠠᠨ ᠤ ᠬᠦᠳᠡᠯᠬᠡᠬᠦ ᠬᠦᠴᠦᠨ ᠪᠤᠯᠤᠨ ᠶᠤᠰᠤ ᠰᠤᠷᠳᠠᠬᠤᠨ ᠤ ᠲᠤᠯᠭᠠᠭᠤᠷᠢᠯᠠᠯ ᠬᠠᠩᠭᠠᠬᠤ ᠬᠡᠷᠡᠭᠳᠡᠢ

2017-01-12 10:48

    1 ᠰᠠᠷ᠎ᠠ ᠶᠢᠨ 11 ᠤ ᠤᠷᠤᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠪᠤᠳᠤᠭᠠᠷ ᠬᠤᠭᠤᠴᠠᠭᠠᠨ ᠤ ᠶᠤᠰᠤ ᠰᠤᠷᠳᠠᠬᠤᠨ ᠤ ᠵᠢᠱᠢᠶ᠍ᠡᠴᠢ ᠳ᠋ᠤ ᠱᠠᠩᠨᠠᠯ ᠤᠯᠭᠤᠬᠤ ᠶᠤᠰᠤᠯᠠᠯ ᠬᠦᠬᠡᠬᠤᠳᠠ ᠳ᠋ᠤ ᠵᠤᠬᠢᠶᠠᠨ ᠪᠠᠶᠢᠭᠤᠯᠤᠭᠳᠠᠯ᠎ᠠ᠃

    ᠱᠠᠩᠨᠠᠯ ᠤᠯᠭᠤᠬᠤ ᠶᠤᠰᠤᠯᠠᠯ ᠡᠴᠨ ᠡᠮᠦᠨ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠱᠦᠵᠢ ᠯᠢ ᠵᠢᠢ ᠡᠾᠧᠩ ᠲᠠᠪᠤᠳᠤᠭᠠᠷ ᠬᠤᠭᠤᠴᠠᠭᠠᠨ ᠤ ᠤᠷᠤᠨ ᠲᠠᠶᠠᠭᠠᠷ ᠤᠨ ᠶᠤᠰᠤ ᠰᠤᠷᠳᠠᠬᠤᠨ ᠤ ᠵᠢᠱᠢᠶ᠍ᠡᠴᠢ᠂ ᠲᠦᠷᠪᠡᠳᠦᠬᠡᠷ ᠬᠤᠭᠤᠴᠠᠭᠠᠨ ᠤ ᠪᠤᠯᠪᠠᠰᠤᠨ ᠮᠤᠷᠠᠯ ᠲᠠᠢ ᠪᠠᠭᠠᠴᠤᠳ ᠪᠤᠯᠤᠨ ᠠᠩᠬᠠᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠪᠤᠯᠪᠠᠰᠤᠨ ᠬᠡᠷ ᠪᠦᠯᠢ ᠵᠢᠨ ᠲᠦᠯᠦᠬᠡᠯᠡᠭᠴᠢᠳ ᠢ ᠲᠤᠳᠤᠨᠤ ᠪᠡᠷ ᠬᠦᠯᠢᠶ᠍ᠡᠨ ᠠᠪᠴᠤ ᠠᠭᠤᠯᠵᠠᠵᠤ᠂ ᠶᠤᠰᠤ ᠰᠤᠷᠳᠠᠬᠤᠨ ᠤ ᠵᠢᠱᠢᠶ᠍ᠡᠴᠢ ᠵᠢ ᠤᠬᠠᠭᠤᠯᠤᠨ ᠰᠤᠷᠤᠯᠴᠠᠬᠤ ᠠᠵᠢᠯᠯᠠᠭ᠎ᠠ ᠵᠢ ᠬᠦᠨᠵᠡᠬᠡᠢ ᠦᠷᠨᠢᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃

    ᠯᠢ ᠵᠢᠢ ᠡᠾᠧᠩ ᠪᠠᠰᠠ᠂ ᠦᠨᠡᠨ ᠰᠠᠢᠢᠨ ᠰᠠᠢᠢᠬᠠᠨ ᠢ ᠶᠡᠬᠡᠪᠡᠷ ᠪᠠᠳᠠᠷᠠᠭᠤᠯᠤᠨ᠂ ᠶᠤᠰᠤ ᠰᠤᠷᠳᠠᠬᠤᠨ ᠤ ᠵᠢᠱᠢᠶ᠍ᠡᠴᠢ ᠵᠢᠨ ᠬᠡᠪ ᠲᠠᠭᠤᠷᠢᠶ᠍ᠠᠯ ᠤᠨ ᠬᠦᠴᠦᠨ ᠢ ᠦᠨᠳᠦᠰᠦᠳᠡᠨ ᠨᠤᠭᠦᠳ ᠤᠨ ᠤᠯᠠᠨ ᠲᠦᠮᠡᠨ ᠤ ᠤᠬᠠᠮᠰᠠᠷᠳᠤ ᠠᠵᠢᠯᠯᠠᠭ᠎ᠠ᠂ ᠠᠮᠢᠳᠤ ᠦᠢᠯᠡᠳᠦᠯᠬᠡ ᠪᠤᠯᠭᠠᠨ ᠬᠤᠪᠢᠷᠠᠭᠤᠯᠬᠤ ᠪᠡᠷ ᠴᠢᠷᠮᠠᠢᠢᠵᠤ᠂ ᠪᠦᠬᠦ ᠨᠡᠢᠢᠬᠡᠮ ᠳ᠋ᠤ ᠡᠷᠬᠢᠮ ᠲᠡᠭᠡᠳᠦ ᠶᠤᠰᠤ ᠮᠤᠷᠠᠯ ᠢ ᠡᠷᠬᠢᠮᠯᠡᠬᠦ᠂ ᠮᠤᠷᠠᠯ ᠡᠷᠳᠡᠮ ᠬᠤᠤᠰᠯᠠᠬᠰᠠᠨ ᠬᠦᠮᠦᠨ ᠡᠴᠨ ᠰᠤᠷᠤᠯᠴᠠᠬᠤ᠂ ᠶᠤᠰᠤ ᠮᠤᠷᠠᠯ ᠢᠶᠡᠷ ᠳᠡᠯᠡᠬᠡᠶᠢᠵᠢᠬᠦᠯᠬᠦ ᠬᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠬᠦᠯᠵᠦ᠂ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠲᠤᠬᠳᠠᠭᠤᠨ ᠤ ᠡᠯ᠎ᠠ ᠲᠦᠷᠦᠯ ᠤᠨ ᠠᠵᠢᠯ ᠦᠢᠯᠡᠰ ᠢ ᠠᠬᠢᠭᠤᠯᠬᠤ ᠳ᠋ᠤ ᠤᠶ᠍ᠤᠨ ᠰᠠᠨᠠᠭᠠᠨ ᠤ ᠬᠦᠳᠡᠯᠬᠡᠬᠦ ᠬᠦᠴᠦᠨ ᠪᠤᠯᠤᠨ ᠶᠤᠰᠤ ᠰᠤᠷᠳᠠᠬᠤᠨ ᠤ ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠡᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120296143