蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠲᠤᠭᠠᠷ ᠬᠤᠷᠠᠯ ᠡᠬᠢᠯᠡᠪᠡ

2017-01-13 17:00

    ᠰᠢᠨᠬᠤᠸᠠ ᠮᠤᠩᠭ᠋ᠤᠯ ᠨᠧᠲ  ᠬᠦᠬᠡᠬᠤᠲᠠ ᠶᠢᠨ 1 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ (ᠰᠠᠷᠠᠨᠳᠤᠶᠠᠭ᠎ᠠ ) ᠲᠤᠮᠲᠠᠲᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠯᠡᠭᠡᠨ ᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠲᠤᠭᠠᠷ ᠬᠤᠷᠠᠯ ᠦᠨᠦᠲᠦᠷ ᠨᠡᠬᠡᠬᠡᠯᠲᠡ ᠪᠠᠨ ᠬᠢᠯ᠎ᠡ᠃

    ᠤᠯᠤᠰ ᠲᠦᠷᠦ ᠶᠢᠨ ᠵᠦᠪᠯᠯᠡᠭᠡᠨ ᠤ 515 ᠭᠡᠰᠢᠭᠦᠨ ᠡᠴᠡ 468 ᠭᠡᠰᠢᠭᠦᠨ ᠨᠢ ᠬᠤᠷᠠᠯ ᠳ᠋ᠤ ᠤᠷᠤᠯᠴᠠᠵᠤ᠂ ᠤᠷᠤᠯᠴᠠᠭᠰᠠᠨ ᠭᠡᠰᠢᠭᠦᠨ ᠤ ᠲᠤᠭ᠎ᠠ ᠬᠠᠦᠯᠢ ᠳ᠋ᠤ ᠲᠤᠭᠲᠠᠭᠠᠭᠰᠠᠨ ᠬᠦᠮᠦᠨ ᠤ ᠲᠤᠭ᠎ᠠ ᠳ᠋ᠤ ᠨᠡᠢᠢᠴᠡᠪᠡ ᠃

    ᠡᠬᠢᠯᠡᠯᠲᠡ ᠶᠢᠨ ᠶᠤᠰᠤᠯᠠᠯ ᠶᠢᠡᠷ᠂ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠲᠤᠭᠠᠷ ᠬᠤᠷᠠᠯ ᠤᠨ ᠵᠦᠪᠯᠡᠬᠦ ᠵᠦᠢᠯ ᠢ ᠪᠠᠲᠤᠯᠠᠭᠰᠠᠨ ᠤ ᠬᠠᠮᠲᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠯᠡᠭᠡᠨ ᠤ ᠲᠡᠷᠢᠭᠦᠯᠡᠭᠴᠢ ᠷᠧᠨ ᠶᠠ ᠫᠢᠩ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎᠎ᠠ ᠶᠢᠨ ᠪᠠᠢᠢᠩᠭᠤ ᠶᠢᠨ ᠬᠤᠷᠢᠶ᠎ᠠ ᠶᠢ ᠲᠦᠯᠦᠭᠡᠯᠡᠨ ᠠᠵᠢᠯ ᠤᠨ ᠢᠯᠡᠳᠭᠡᠯ ᠬᠢᠵᠦ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠯᠡᠭᠡᠨ ᠤ ᠲᠡᠳ᠋ ᠲᠡᠷᠢᠭᠦᠯᠡᠭᠴᠢ ᠴᠠᠩ ᠬᠠᠢ ᠠᠷᠪᠠᠨ ᠨᠢᠭᠡᠲᠦᠭᠡᠷ ᠬᠤᠭᠤᠴᠠᠭᠠᠨ ᠤ ᠲᠦᠷᠪᠡᠲᠦᠭᠡᠷ ᠬᠤᠷᠠᠯ ᠡᠴᠡ ᠨᠠᠭᠠᠰᠢᠬᠢ ᠰᠠᠨᠠᠯ ᠲᠤᠷᠠᠲᠤᠯᠭ᠎ᠠ ᠶᠢᠨ ᠠᠵᠢᠯ ᠤᠨ ᠲᠤᠬᠠᠢ ᠬᠠᠷᠢᠭᠤ ᠮᠡᠲᠡᠭᠦᠯᠦᠯᠲᠡ ᠬᠢᠪᠡ᠃

    ᠥᠪᠦᠷ ᠮᠤᠩᠭ᠋ᠤᠯ ᠤᠨ ᠥᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶ᠎᠎ᠠ ᠶᠢᠨ ᠲᠠᠪᠤᠳᠤᠭᠠᠷ ᠬᠤᠷᠠᠯ 1 ᠰᠠᠷ᠎ᠠ ᠶᠢᠨ 13 ᠤ ᠡᠳᠦᠷ ᠡᠴᠡ 17 ᠤ ᠡᠳᠦᠷ ᠪᠤᠯᠲᠠᠯ᠎ᠠ ᠬᠤᠷᠠᠯᠳᠤᠨ᠎ᠠ᠃

    ᠵᠢᠷᠤᠭ ᠢ ᠰᠢᠨᠬᠤᠧᠠ ᠨᠧᠲ ᠤᠨ ᠼᠤᠤ ᠵᠧᠨ

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120307253