蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠢᠶᠡᠨ ᠠᠮᠵᠢᠯᠲᠠ ᠲᠡᠭᠦᠰ ᠤᠬᠲᠤᠯ᠎ᠠ

2017-01-14 15:36

    ᠰᠢᠨᠬᠤᠸᠠ ᠮᠤᠨᠭᠭᠤᠯ ᠨᠧᠲ  ᠬᠦᠬᠡᠬᠤᠲᠠ ᠶᠢᠨ 1 ᠰᠠᠷ᠎ᠠ ᠶᠢᠨ 14 ᠤ᠋ ᠡᠳᠦᠷ ᠤᠨ ᠴᠠᠬᠢᠯᠭᠠᠨ ᠮᠡᠳᠡᠭᠡ (ᠰᠠᠷᠠᠨᠲᠦᠶᠠᠭ᠎ᠠ)  ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠬᠤᠷᠠᠯ ᠡᠴᠡ ᠨᠠᠭᠠᠰᠢ ᠨᠡᠶᠢᠲᠡ 813 ᠳᠤᠷᠠᠳᠤᠯᠭ᠎ᠠ ᠳᠡᠪᠰᠢᠭᠦᠯᠵᠦ᠂ 774 ᠵᠢ ᠨᠢ ᠲᠠᠩᠰᠠᠯᠠᠬᠰᠠᠨ ᠪᠠᠶᠢᠨ᠎ᠠ᠃

    ᠲᠤᠮᠲᠠᠲᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠯᠡᠭᠡᠨ ᠤ ᠦᠪᠦᠷ ᠮᠤᠩᠭ᠋᠋ᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠲᠤᠭᠠᠷ ᠬᠤᠷᠠᠯ ᠦᠴᠦᠭᠡᠳᠦᠷ ᠦᠪᠡᠳᠡᠭᠰᠢ ᠨᠡᠭᠡᠭᠡᠯᠲᠡ ᠪᠠᠨ ᠬᠢᠵᠦ᠂ ᠶᠤᠰᠤᠯᠠᠯ ᠤᠨ ᠦᠶ᠎ᠡ ᠪᠡᠷ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠴᠠᠩ ᠬᠠᠢ ᠠᠷᠪᠠᠨ ᠨᠢᠭᠡᠲᠦᠭᠡᠷ ᠬᠤᠭᠤᠴᠠᠭᠠᠨ ᠤ ᠲᠦᠷᠪᠡᠲᠦᠭᠡᠷ ᠬᠤᠷᠠᠯ ᠡᠴᠡ ᠨᠠᠭᠠᠰᠢᠬᠢ ᠰᠠᠨᠠᠯ ᠲᠤᠷᠠᠲᠤᠯᠭ᠎ᠠ ᠶᠢᠨ ᠠᠵᠢᠯ ᠤᠨ ᠲᠤᠬᠠᠢ ᠬᠠᠷᠢᠭᠤ ᠮᠡᠲᠡᠭᠦᠯᠦᠯᠲᠡ ᠬᠢᠵᠡᠢ᠃ ᠲᠡᠷᠡᠪᠡᠷ᠂ ᠠᠷᠪᠠᠨ ᠨᠢᠭᠡᠲᠦᠭᠡᠷ ᠬᠤᠭᠤᠴᠠᠭᠠᠨ ᠤ ᠲᠦᠷᠪᠡᠲᠦᠭᠡᠷ ᠬᠤᠷᠠᠯ ᠡᠴᠡ ᠨᠠᠭᠠᠰᠢ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠨᠡᠶᠢᠲᠡ 813 ᠳᠤᠷᠠᠳᠤᠯᠭ᠎ᠠ ᠳᠡᠪᠰᠢᠭᠦᠯᠵᠦ᠂ 774 ᠵᠢ ᠨᠢ ᠲᠠᠩᠰᠠᠯᠠᠪᠠ᠃ ᠡᠭᠦᠨ ᠳᠤ ᠦᠨᠳᠦᠰᠦᠲᠡᠨ ᠤ ᠪᠦᠯᠬᠦᠮᠳᠡᠯ ᠤᠨ ᠲᠠᠯ᠎ᠠ ᠪᠡᠷ ᠬᠢ ᠳᠤᠷᠠᠳᠤᠯᠭ᠎ᠠ 42 ᠪᠠᠬᠲᠠᠵᠦ᠂ ᠠᠮᠢ ᠠᠬᠤᠢ ᠶᠢᠨ ᠰᠡᠷᠭᠦᠯᠲᠡ ᠪᠠ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠲᠠᠯ᠎ᠠ ᠪᠡᠷ ᠬᠢ ᠳᠤᠷᠠᠳᠤᠯᠭ᠎ᠠ 163 ᠪᠠᠬᠲᠠᠬᠰᠠᠨ ᠪᠠᠶᠢᠨ᠎ᠠ᠃ 2016 ᠤᠨ ᠤ 12 ᠰᠠᠷ᠎ᠠ ᠶᠢᠨ 31 ᠤ ᠡᠳᠦᠷ ᠪᠤᠯᠲᠠᠯ᠎ᠠ ᠲᠠᠩᠰᠠᠯᠠᠬᠰᠠᠨ ᠳᠤᠷᠠᠳᠤᠯᠭ᠎ᠠ ᠶᠢᠨ 760 ᠵᠢ ᠨᠢ ᠨᠢᠭᠡᠨᠲᠡ ᠴᠤᠬᠤᠯᠡᠪᠤᠷᠢᠯᠠᠬᠰᠠᠨ ᠮᠦᠷᠲᠡᠭᠡᠨ 26.13% ᠵᠢ ᠨᠢ ᠨᠢᠭᠡᠨᠲᠡ ᠰᠢᠢᠳᠪᠤᠷᠢᠯᠡᠵᠦ᠂ 65.55% ᠵᠢ ᠨᠢ ᠦᠨᠳᠦᠰᠦᠲᠡᠨ ᠳᠡᠭᠡᠨ ᠰᠢᠢᠳᠪᠤᠷᠢᠯᠡᠬᠦ ᠪᠠ ᠰᠢᠢᠳᠪᠤᠷᠢᠯᠡᠬᠦ ᠲᠦᠯᠦᠪᠯᠡᠭᠡ ᠳᠤ ᠤᠷᠤᠭᠤᠯᠵᠠᠢ ᠭᠡᠪᠡ᠃ ᠲᠡᠷᠡᠪᠡᠷ ᠪᠠᠰᠠ ᠭᠡᠰᠢᠭᠦᠳ ᠡᠭᠦᠷᠭᠡ ᠪᠠ ᠠᠵᠢᠯ ᠢᠶᠡᠨ ᠢᠳᠡᠪᠬᠢᠲᠡᠢ ᠤᠶᠠᠯᠳᠤᠭᠤᠯᠵᠦ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠬ ᠠᠮᠢ ᠠᠬᠤᠢ ᠶᠢᠨ ᠬᠦᠭ᠍ᠵᠢᠯᠲᠡ᠂ ᠢᠷᠭᠡᠳ ᠤᠨ ᠠᠮᠢᠵᠢᠷᠭᠠᠨ ᠤ ᠲᠤᠬᠠᠢ ᠬᠠᠯᠠᠮᠰᠢᠯ ᠠᠰᠠᠭᠤᠳᠠᠯ ᠳᠤ ᠦᠪᠡᠷ ᠤᠨ ᠭᠡᠰᠡᠨ ᠦᠵᠡᠯᠲᠡ ᠲᠠᠨᠢᠯᠲᠠ ᠲᠠᠢ ᠪᠠᠶᠢᠵᠦ᠂ ᠰᠢᠨᠵᠢᠯᠡᠨ ᠪᠠᠶᠢᠴᠠᠭᠠᠬᠤ ᠪᠠ ᠡᠲᠡᠭᠡᠳ ᠢᠯᠭᠠᠯ ᠤᠨ ᠠᠵᠢᠯᠯᠠᠭ᠎ᠠ ᠳᠤ ᠢᠳᠡᠪᠬᠢᠲᠡᠢ ᠤᠷᠤᠯᠴᠠᠵᠦ᠂ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠵᠤᠷᠢᠬᠲᠠᠢ ᠳᠡᠪᠰᠢᠭᠦᠯᠵᠦ᠂ ᠡᠭᠦᠷᠭᠡ ᠲᠤᠰᠢᠶᠠᠯ ᠢᠶᠡᠨ ᠭᠦᠢᠴᠡᠳᠬᠡᠬᠦ ᠡᠭᠦᠰᠦᠯ ᠪᠠ ᠬᠠᠷᠠᠯᠲᠠ ᠵᠢ ᠵᠦᠪ ᠡᠷᠢᠵᠦ ᠴᠢᠳᠠᠵᠠᠢ᠃ 2016 ᠤᠨ  ᠤ 12 ᠰᠠᠷ᠎ ᠠ ᠶᠢᠨ 31 ᠤ ᠡᠳᠦᠷ ᠪᠤᠯᠲᠠᠯ᠎ᠠ ᠭᠡᠰᠢᠭᠦᠳ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠲᠤᠰᠬᠠᠬᠰᠠᠨ ᠮᠡᠳᠡᠭᠡ ᠨᠡᠢᠲᠡ 600 ᠭᠠᠷᠤᠢ ᠳᠡᠪᠰᠢᠭᠦᠯᠬᠦ ᠶᠢᠨ ᠬᠠᠮᠲᠤ ᠪᠠᠰᠠ 20 ᠭᠠᠷᠤᠢ ᠪᠠᠶᠢᠴᠠᠭᠠᠯᠲᠠ ᠶᠢᠨ ᠮᠡᠳᠡᠭᠦᠯᠦᠯᠲᠡ ᠲᠤᠰᠢᠶᠠᠨ᠂ 30 ᠭᠠᠷᠤᠢ ᠤᠳᠠᠭ᠎ᠠ ᠪᠠᠶᠢᠴᠠᠭᠠᠯᠲᠠ ᠶᠢᠨ ᠠᠵᠢᠯᠯᠠᠭ᠎ᠠ ᠳᠤ ᠤᠷᠤᠯᠴᠠᠵᠠᠢ ᠭᠡᠪᠡ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120310635