蒙古文网站Logo
ᠰᠢᠨᠬᠤᠸᠠ ᠮᠤᠩᠭ᠋ᠤᠯ ᠨᠧᠲ

ᠬᠡᠰᠢᠬᠦᠨ ᠤᠶᠤᠨᠳᠠᠯᠠᠢ᠄ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠪᠤᠳᠤᠯᠭ᠎ᠠ ᠶᠢ ᠳᠡᠭᠰᠢᠳᠬᠡᠵᠤ ᠨᠠᠶᠢᠳᠠᠪᠤᠷᠢᠵᠢᠭᠤᠯᠬᠤ ᠨᠢ ᠵᠤᠬᠢᠰ ᠦᠬᠡᠢ

2017-01-14 15:38

    ᠰᠢᠨᠬᠤᠸᠠ ᠮᠤᠨᠭᠭᠤᠯ ᠨᠧᠲ ᠬᠦᠬᠡᠬᠤᠲᠠ ᠶᠢᠨ 1 ᠰᠠᠷ᠎ ᠠ ᠶᠢᠨ 14 ᠤ᠋ ᠡᠳᠦᠷ ᠤᠨ ᠴᠠᠬᠢᠯᠭᠠᠨ ᠮᠡᠳᠡᠭᠡ (ᠰᠠᠷᠠᠨᠲᠦᠶᠠᠭ᠎ᠠ) 13 ᠤ᠋ ᠦᠳᠡ ᠶᠢᠨ ᠬᠤᠶᠢᠨ᠎ᠠ᠂ ᠦᠪᠦᠷ ᠮᠤᠩᠭ᠋᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠠᠷᠪᠠᠨ ᠨᠢᠭᠡᠲᠦᠭᠡᠷ ᠬᠤᠭᠤᠴᠠᠭᠠᠨ ᠤ ᠪᠠᠢᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠭᠡᠯ ᠪᠠ ᠠᠷᠪᠠᠨ ᠨᠢᠭᠡᠲᠦᠭᠡᠷ ᠬᠤᠭᠤᠴᠠᠭᠠᠨ ᠤ ᠲᠦᠷᠪᠡᠲᠦᠭᠡᠷ ᠬᠤᠷᠠᠯ ᠡᠴᠡ ᠨᠠᠭᠠᠰᠢᠬᠢ ᠰᠠᠨᠠᠯ ᠲᠤᠷᠠᠲᠤᠯᠭ᠎ᠠ ᠶᠢᠨ ᠠᠵᠢᠯ ᠤᠨ ᠲᠤᠬᠠᠢ ᠬᠠᠷᠢᠭᠤ ᠮᠡᠲᠡᠭᠦᠯᠦᠯᠲᠡ ᠵᠢ ᠶᠠᠷᠢᠯᠴᠠᠬᠤ ᠬᠤᠷᠠᠯ ᠪᠤᠯᠪᠠ᠃

    ᠬᠤᠷᠠᠯ ᠳᠤ᠂ ᠮᠤᠨᠭᠭᠤᠯ ᠢᠶᠡᠷ ᠶᠠᠷᠢᠵᠦ ᠢᠯᠡᠳᠬᠡᠬᠦ ᠪᠠᠬ ᠤᠨ ᠴᠤᠬᠯᠠᠭᠤᠯᠤᠬᠴᠢ᠂ ᠰᠢᠯᠢ ᠶᠢᠨ ᠭᠤᠤᠯ ᠠᠶᠢᠮᠠᠬ ᠤᠨ ᠰᠢᠯᠤᠭᠤᠨ ᠬᠦᠬᠡ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠤᠳᠬ᠎ᠠ ᠤᠷᠠᠯᠢᠬ ᠤᠨ ᠬᠤᠯᠪᠤᠭᠠᠨ ᠤ ᠲᠡᠷᠢᠭᠦᠯᠡᠭᠴᠢ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤᠶᠤᠨᠳᠠᠯᠠᠢ ᠠᠵᠢᠯ ᠤᠨ ᠢᠯᠡᠳᠬᠡᠯ ᠪᠠ ᠰᠠᠨᠠᠯ ᠲᠤᠷᠠᠲᠤᠯᠭ᠎ᠠ ᠶᠢᠨ ᠠᠵᠢᠯ ᠤᠨ ᠬᠠᠷᠢᠭᠤ ᠮᠡᠲᠡᠭᠦᠯᠦᠯᠲᠡ ᠶᠢᠨ ᠲᠤᠬᠠᠢ ᠦᠪᠡᠷ ᠤᠨ ᠤᠶᠢᠯᠠᠭᠠᠯᠲᠠ ᠪᠠᠨ ᠬᠤᠪᠢᠶᠠᠯᠴᠠᠬᠤ ᠶᠢᠨ ᠬᠠᠮᠲᠤ ᠪᠠᠰᠠ ᠲᠤᠰ ᠤᠳᠠᠭ᠎ᠠ ᠶᠢᠨ ᠬᠤᠷᠠᠯ ᠳᠤ ᠳᠡᠪᠰᠢᠭᠦᠯᠬᠦ ᠪᠡᠷ ᠪᠠᠶᠢᠭ᠎ᠠ ᠠᠮᠢ ᠠᠬᠤᠢ ᠶᠢᠨ ᠱᠠᠨᠭᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠵᠢ ᠳᠡᠭᠰᠢᠳᠬᠡᠵᠤ ᠨᠠᠶᠢᠳᠠᠪᠤᠷᠢᠵᠢᠭᠤᠯᠬᠤ ᠨᠢ ᠵᠤᠬᠢᠰ ᠦᠬᠡᠢ᠂ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬᠠᠨ ᠤ ᠬᠡᠪᠴᠢᠶ᠎ᠡ ᠪᠡᠷ ᠪᠠᠶᠢᠭᠠᠯᠢ ᠶᠢᠨ ᠠᠮᠢ ᠠᠬᠤᠢ ᠶᠢ ᠬᠠᠮᠠᠭᠠᠯᠠᠬᠤ ᠪᠤᠯᠤᠨ ᠰᠤᠶᠤᠯ ᠤᠨ ᠠᠮᠢ ᠠᠬᠤᠢ ᠶᠢ ᠬᠠᠮᠠᠭᠠᠯᠠᠬᠤ ᠬᠤᠤᠰ ᠬᠠᠮᠠᠭᠠᠯᠠᠯᠳᠠ ᠶᠢᠨ ᠲᠤᠷᠰᠢᠯᠲᠠ ᠶᠢᠨ ᠳᠤᠭᠤᠷᠢᠭ ᠪᠠᠶᠢᠭᠤᠯᠪᠠᠯ ᠵᠤᠬᠢᠨ᠎ᠠ ᠬᠡᠳᠡᠭ ᠬᠤᠶᠠᠷ ᠰᠠᠨᠠᠯ ᠳᠤᠷᠠᠳᠤᠯᠭ᠎ᠠ ᠪᠠᠨ ᠲᠠᠶᠢᠯᠪᠤᠷᠢᠯᠠᠵᠦ ᠪᠢᠯᠡ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120311684