蒙古文网站Logo
ᠰᠢᠨᠬᠤᠸᠠ ᠮᠤᠩᠭ᠋ᠤᠯ ᠨᠧᠲ

《ᠮᠤᠨᠭᠭᠤᠯ ᠵᠦᠪ ᠪᠢᠴᠢᠯᠭᠡ ᠶᠢᠨ ᠲᠤᠯᠢ》ᠨᠢ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠠᠩᠬᠠᠷᠤᠯ ᠳᠤ ᠬᠦᠷᠴᠤ ᠪᠠᠶᠢᠨ᠎ᠠ

2017-01-15 18:57

    ᠰᠢᠨᠬᠤᠸᠠ ᠮᠤᠨᠭᠭᠤᠯ ᠨᠧᠲ ᠬᠦᠬᠡᠬᠤᠲᠠ ᠶᠢᠨ 1 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ (ᠰᠠᠷᠠᠨᠲᠦᠶᠠᠭ᠎ᠠ) ᠤᠶᠢᠷ᠎ᠠ ᠶᠢᠨ ᠬᠤᠭᠤᠴᠠᠭᠠᠨ ᠳᠤ ᠬᠡᠪᠯᠡᠯ ᠮᠡᠳᠡᠭᠡᠯᠡᠯ ᠤᠨ ᠬᠢᠨ ᠢᠶᠡᠷ ᠦᠷᠭᠡᠨ ᠰᠠᠴᠤᠬᠳᠠᠵᠦ ᠬᠦᠮᠦᠰ ᠤᠨ ᠠᠩᠬᠠᠷᠤᠯ ᠳᠤ ᠶᠡᠬᠡᠪᠡᠷ ᠬᠦᠷᠦᠭᠰᠡᠨ《ᠮᠤᠨᠭᠭᠤᠯ ᠵᠦᠪ ᠪᠢᠴᠢᠯᠭᠡ ᠶᠢᠨ ᠲᠤᠯᠢ》ᠨᠢ ᠮᠦᠨ ᠤᠳᠤ ᠶᠠᠬ ᠬᠤᠷᠠᠯᠳᠤᠵᠤ ᠪᠤᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠭᠡᠰᠢᠭᠦᠳ ᠤᠨ ᠠᠩᠬᠠᠷᠤᠯ ᠳᠤ ᠮᠠᠰᠢ ᠬᠦᠷᠴᠤ ᠦᠷᠭᠡᠨ ᠶᠠᠷᠢᠯᠴᠠᠯᠭ᠎ᠠ ᠦᠷᠨᠢᠭᠦᠯᠦᠭᠳᠡᠯ᠎ᠠ᠃

    ᠤᠶᠢᠯᠠᠭᠠᠬᠰᠠᠨ ᠢᠶᠡᠷ᠂ ᠬᠤᠷᠠᠯ ᠳᠡᠭᠡᠷ᠎ᠠ ᠨᠡᠯᠢᠶᠡᠳ ᠭᠡᠰᠢᠭᠦᠳ《ᠮᠤᠨᠭᠭᠤᠯ ᠵᠦᠪ ᠪᠢᠴᠢᠯᠭᠡ ᠶᠢᠨ ᠲᠤᠯᠢ》 ᠶ᠋ᠢᠨ ᠲᠤᠬᠠᠢ ᠰᠠᠨᠠᠯ ᠳᠤᠷᠠᠳᠤᠯᠭ᠎ᠠ ᠳᠡᠪᠰᠢᠭᠦᠯᠤᠭ᠍ᠰᠡᠨ ᠪᠠ ᠵᠠᠷᠢᠮ ᠨᠢ ᠨᠤᠲᠤᠬ ᠤᠰᠤᠨ ᠤ ᠬᠦᠮᠦᠰ ᠤᠨ ᠢᠶᠡᠨ ᠨᠡᠶᠢᠲᠡ ᠪᠡᠷ ᠭᠠᠷ ᠤᠨ ᠦᠰᠦᠭ ᠵᠢᠷᠤᠵᠦ ᠠᠯᠪᠠᠨ ᠭᠡᠷᠡᠴᠢᠯᠡᠭᠡ ᠬᠢᠯᠭᠡᠭᠰᠡᠨ ᠰᠠᠨᠠᠯ ᠤᠨ ᠪᠢᠴᠢᠭ ᠤᠨ ᠬᠠᠮᠲᠤ ᠰᠠᠨᠠᠯ ᠳᠤᠷᠠᠳᠤᠯᠭ᠎ᠠ ᠪᠡᠨ ᠳᠡᠪᠰᠢᠭᠦᠯᠵᠡᠢ᠃ ᠭᠡᠰᠢᠭᠦᠳ ᠤᠨ ᠶᠡᠷᠢᠶᠡᠨ ᠡᠴᠡ ᠤᠶᠢᠯᠠᠭᠠᠬᠰᠠᠨ ᠢᠶᠡᠷ᠂ ᠲᠡᠳᠡ ᠬᠤᠯᠪᠤᠬᠳᠠᠬᠤ ᠠᠯᠪᠠᠨ ᠪᠠᠶᠢᠭᠤᠯᠤᠯᠭ᠎ᠠ《ᠮᠤᠨᠭᠭᠤᠯ ᠵᠦᠪ ᠪᠢᠴᠢᠯᠭᠡ ᠶᠢᠨ ᠲᠤᠯᠢ》 ᠶ᠋ᠢᠨ ᠠᠰᠠᠭᠤᠳᠠᠯ ᠢ ᠬᠦᠨᠳᠦᠳᠬᠡᠨ ᠦᠵᠡᠵᠦ᠂ ᠵᠦᠷᠢᠴᠡᠯ ᠳᠤ ᠵᠦᠪ ᠢᠶᠡᠷ ᠬᠠᠨᠳᠤᠨ᠂ ᠡᠷᠲᠡ ᠡᠳᠦᠷ ᠰᠢᠢᠳᠪᠤᠷᠢᠯᠡᠪᠡᠯ ᠵᠤᠬᠢᠨ᠎ᠠ ᠬᠡᠮᠡᠨ ᠰᠠᠨᠠᠯ ᠨᠢᠭᠡᠳᠡᠢ ᠦᠵᠡᠵᠡᠭᠡᠵᠦ ᠪᠠᠶᠢᠯ᠎ᠠ᠃

    ᠠᠯᠠᠱᠠ ᠠᠶᠢᠮᠠᠬ ᠤᠨ ᠤᠳᠬ᠎ᠠ ᠤᠷᠠᠯᠢᠬ ᠤᠨ ᠬᠢᠨ ᠤ ᠬᠤᠯᠪᠤᠭᠠᠨ ᠤ ᠲᠡᠷᠢᠭᠦᠯᠡᠭᠴᠢ᠂ ᠦᠪᠦᠷ ᠮᠤᠨᠭᠭᠤᠯ ᠤᠨ ᠤᠷᠠᠨ ᠵᠤᠬᠢᠶᠠᠯ ᠤᠷᠴᠢᠭᠤᠯᠤᠭᠴᠢᠳ ᠤᠨ ᠨᠡᠶᠢᠭᠡᠮᠯᠢᠭ᠌ ᠤᠨ ᠳᠡᠳ᠋ ᠲᠡᠷᠢᠭᠦᠯᠡᠭᠴᠢ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠮ•ᠼᠡᠳᠡᠨᠪᠠᠯ ᠤᠨ ᠦᠵᠡᠭᠦ ᠪᠡᠷ᠂ ᠲᠤᠯᠢ ᠪᠢᠴᠢᠭ ᠢ ᠪᠦᠲᠦᠭᠡᠬᠦ ᠳᠤ ᠨᠢᠭᠡ ᠦᠶ᠎ᠡ ᠶᠢᠨ ᠬᠦᠮᠦᠰ ᠤᠨ ᠬᠦᠴᠦ ᠬᠦᠳᠡᠯᠮᠤᠷᠢ ᠵᠠᠷᠤᠴᠠᠭᠤᠯᠤᠭᠳᠠᠵᠤ ᠪᠠᠶᠢᠳᠠᠬ᠂ ᠪᠢᠳᠡ ᠳᠡᠳᠡᠨ ᠤ ᠬᠦᠳᠡᠯᠮᠤᠷᠢ ᠵᠢ ᠬᠦᠨᠳᠦᠳᠬᠡᠵᠦ ᠮᠡᠳᠡᠷᠡᠬᠦ ᠶᠤᠰᠤᠲᠠᠢ᠃ ᠭᠡᠪᠡᠴᠦ ᠲᠤᠯᠢ ᠪᠢᠴᠢᠭ᠂ ᠦᠭᠡᠷ᠎ᠡ ᠪᠤᠰᠤᠳ ᠶᠠᠮᠠᠷ ᠪᠦᠲᠦᠭᠡᠯ ᠴᠤ ᠭᠡᠰᠡᠨ ᠦᠭᠡᠢ ᠴᠠᠬ ᠦᠶ᠎ᠡ ᠨᠡᠶᠢᠭᠡᠮ ᠤᠨ ᠬᠦᠭ᠍ᠵᠢᠯᠲᠡ ᠵᠢ ᠳᠠᠭᠠᠯᠳᠤᠨ ᠤᠩᠰᠢᠬᠴᠢᠳ ᠬᠡᠷᠡᠭᠯᠡᠭ᠍ᠴᠢᠳ ᠤᠨ ᠬᠠᠲᠠᠭᠤ ᠰᠢᠯᠭᠠᠯᠲᠠ ᠵᠢ ᠬᠦᠯᠢᠶᠡᠵᠦ ᠪᠠᠶᠢᠳᠠᠬ᠃ ᠲᠡᠶᠢᠨᠬᠦ ᠬᠡᠷᠪᠡ ᠡᠨᠳᠡᠭᠦᠦ ᠲᠠᠰᠢᠶ᠎ᠠ ᠤᠷᠤᠰᠢᠵᠦ ᠪᠠᠶᠢᠪᠠᠯ ᠵᠤᠷᠢᠬᠲᠠᠢ ᠪᠡᠷ ᠪᠤᠷᠤᠭᠤ ᠪᠠᠨ ᠵᠠᠯᠠᠷᠠᠭᠤᠯᠬᠤ ᠬᠡᠷᠡᠭᠲᠡᠢ᠃ ᠮᠠᠷᠭᠤᠭᠠᠨ ᠤ ᠡᠯ᠎ᠡ ᠡᠲᠡᠭᠡᠳ ᠠᠰᠠᠭᠤᠳᠠᠯ ᠢ ᠲᠠᠶᠢᠪᠤᠭᠤᠨ ᠢᠶᠡᠷ ᠰᠡᠳᠬᠢᠨ ᠪᠤᠳᠤᠯᠬᠢᠯᠠᠵᠦ᠂ ᠵᠦᠷᠢᠴᠡᠯ ᠢ ᠵᠦᠢᠲᠡᠢ ᠰᠢᠢᠳᠪᠤᠷᠢᠯᠡᠵᠦ ᠴᠢᠳᠠᠪᠠᠯ ᠰᠠᠶ᠊ᠢ ᠦᠨᠳᠦᠰᠦᠲᠡᠨ ᠤ ᠦᠭᠡ ᠬᠡᠯᠡ ᠦᠰᠦᠭ᠌ ᠪᠢᠴᠢᠭ᠌ ᠢᠶᠡᠨ ᠨᠡᠩ ᠴᠢᠨᠠᠬᠰᠢᠲᠠ ᠬᠦᠭᠵᠢᠭᠦᠯᠵᠦ ᠴᠢᠳᠠᠨ᠎ᠠ ᠭᠡᠪᠡ᠃

    ᠦᠪᠦᠷ ᠮᠤᠨᠭᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠫᠷᠤᠹᠧᠰᠰᠤᠷ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠬᠤᠷᠠᠯ ᠤᠨ ᠰᠤᠯᠠ ᠤᠷᠤᠯᠴᠠᠬᠴᠢ ᠪᠤ‍ᠤ ᠰᠡᠴᠡᠨ ᠮᠤᠨᠭᠭᠤᠯ ᠦᠰᠦᠭ ᠪᠢᠴᠢᠭ ᠢ ᠳᠦᠷᠢᠮᠵᠢᠭᠦᠯᠬᠦ ᠲᠦᠰᠦᠯ ᠢ ᠳᠠᠬᠢᠨ ᠲᠤᠬᠲᠠᠭᠠᠬᠤ ᠬᠡᠷᠡᠭᠲᠡᠢ ᠭᠡᠳᠡᠭ ᠰᠠᠨᠠᠯ ᠢᠶᠡᠨ ᠶᠠᠷᠢᠯ᠎ᠠ᠃ ᠲᠡᠭᠦᠨ ᠤ ᠶᠡᠷᠢᠶ᠎ᠡ ᠵᠢ ᠠᠦ᠋ᠳᠢᠣ᠋ ᠶᠢᠨ ᠬᠡᠯᠪᠡᠷᠢ ᠪᠡᠷ ᠵᠤᠬᠢᠶᠠᠯ ᠤᠨ ᠡᠬᠢᠨ ᠳᠤ ᠲᠠ ᠪᠦᠬᠦᠨ ᠲᠠᠢ ᠬᠤᠪᠢᠶᠠᠯᠴᠠᠯ᠎ᠠ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120315312