蒙古文网站Logo
ᠰᠢᠨᠬᠤᠸᠠ ᠮᠤᠩᠭ᠋ᠤᠯ ᠨᠧᠲ

ᠬᠤᠪᠢᠰᠬᠠᠯᠲᠤ ᠭᠡᠰᠢᠭᠦᠨ᠄ ᠦᠨᠳᠦᠰᠦᠲᠡᠨ ᠤ ᠠᠵᠦ ᠠᠬᠤᠶᠢᠯᠠᠯ ᠢ ᠲᠦᠷᠦ ᠶᠢᠨ ᠪᠤᠳᠤᠯᠭ᠎ᠠ ᠪᠡᠷ ᠳᠡᠮᠵᠢᠬᠦ ᠴᠢᠬᠤᠯᠠᠲᠠᠢ

2017-01-15 18:57

    ᠰᠢᠨᠬᠤᠸᠠ ᠮᠤᠨᠭᠭᠤᠯ ᠨᠧᠲ ᠬᠦᠬᠡᠬᠤᠲᠠ ᠶᠢᠨ 1 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ (ᠰᠠᠷᠠᠨᠲᠦᠶᠠᠭ᠎ᠠ) ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠨᠢᠭᠡᠨᠲᠡ ᠭᠤᠷᠪᠠᠳᠤᠭᠠᠷ ᠡᠳᠦᠷ ᠢᠶᠡᠨ ᠤᠬᠲᠤᠵᠦ᠂ ᠭᠡᠰᠢᠭᠦᠳ ᠡᠨᠡᠬᠦ ᠬᠤᠪᠤᠷ ᠨᠠᠨᠳᠢᠨ ᠴᠠᠬ ᠲᠤᠬᠢᠶᠠᠯ ᠢ ᠡᠵᠡᠮᠳᠡᠨ ᠦᠵᠡᠯ ᠪᠤᠳᠤᠯ  ᠢᠶᠡᠨ ᠴᠢᠯᠦᠭᠡᠲᠡᠢ ᠳᠡᠯᠭᠡᠨ᠂ ᠰᠠᠨᠠᠯ ᠳᠤᠷᠠᠳᠤᠯᠭ᠎ᠠ ᠪᠠᠨ ᠮᠠᠰᠢ ᠢᠳᠡᠪᠬᠢᠲᠠᠢ ᠳᠡᠪᠰᠢᠭᠦᠯᠵᠦ ᠪᠠᠶᠢᠯ᠎ᠠ᠃ ᠭᠡᠰᠢᠭᠦᠨ ᠬᠤᠪᠢᠰᠬᠠᠯᠲᠤ  ᠮᠠᠯ ᠤᠨ ᠦᠨ᠎ᠡ ᠬᠠᠩᠰᠢ ᠶᠢᠨ ᠲᠤᠬᠲᠠᠭᠤᠨ ᠢ ᠪᠠᠲᠤᠯᠠᠬᠤ᠂ ᠦᠨᠳᠦᠰᠦᠲᠡᠨ ᠤ ᠠᠵᠦ ᠠᠬᠤᠶᠢᠯᠠᠯ ᠢ ᠲᠦᠷᠦ ᠶᠢᠨ ᠪᠤᠳᠤᠯᠭ᠎ᠠ ᠪᠡᠷ ᠳᠡᠮᠵᠢᠬᠦ ᠴᠢᠬᠤᠯᠠᠲᠠᠢ ᠭᠡᠬᠦ ᠵᠡᠷᠭᠡ ᠰᠠᠨᠠᠯ ᠳᠤᠷᠠᠳᠤᠯᠭ᠎ᠠ ᠪᠠᠨ ᠲᠡᠪᠰᠢᠭᠦᠯᠵᠤ ᠡᠭᠦᠨ ᠤ ᠴᠢᠬᠤᠯᠠ ᠴᠢᠨᠠᠷ ᠢ ᠪᠠᠶᠢᠨ ᠳᠠᠬᠢᠨ ᠲᠠᠶᠢᠯᠪᠤᠷᠢᠯᠠᠵᠦ ᠪᠠᠶᠢᠪᠠ᠃

    ᠬᠤᠪᠢᠰᠬᠠᠯᠲᠤ᠂ ᠰᠢᠯᠢ ᠶᠢᠨ ᠭᠤᠤᠯ ᠠᠶᠢᠮᠠᠬ ᠤᠨ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠬᠠᠷᠠᠭᠤᠪᠢ ᠭᠠᠴᠠᠭᠠᠨ ᠤ ᠮᠠᠯᠴᠢᠨ᠂ ᠬᠠᠷᠠᠭᠤᠪᠢ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠬᠡᠷᠡᠭ ᠮᠡᠳᠡᠭᠴᠢᠳ ᠤᠨ ᠳᠠᠷᠤᠭ᠎ᠠ᠃ ᠮᠠᠯᠵᠢᠬᠤ ᠤᠷᠤᠨ ᠦᠨᠳᠦᠰᠦᠨ ᠱᠠᠲᠤᠨ ᠤ ᠭᠡᠰᠢᠭᠦᠨ ᠪᠤᠯᠤᠬᠰᠠᠨ ᠤ ᠬᠤᠪᠢ ᠳᠤ ᠲᠡᠷᠡᠪᠡᠷ ᠬᠠᠮᠤᠬ ᠤᠨ ᠦᠨᠳᠦᠰᠦᠨ᠂ ᠮᠠᠯᠴᠢᠳ ᠲᠠᠢ ᠬᠠᠮᠤᠬ ᠡᠴᠡ ᠤᠶᠢᠷᠠᠬᠠᠨ᠂ ᠮᠠᠯᠴᠢᠳ ᠤᠨ ᠬᠠᠮᠤᠬ ᠡᠴᠡ ᠰᠠᠨᠠᠭᠠᠰᠢᠷᠠᠵᠦ ᠪᠠᠶᠢᠳᠠᠬ ᠠᠰᠠᠭᠤᠳᠠᠯ ᠤᠳ ᠢ ᠳᠡᠪᠰᠢᠭᠦᠯᠬᠦ ᠪᠡᠷ ᠪᠤᠯᠵᠦ᠂ ᠦᠨᠳᠦᠰᠦᠨ ᠱᠠᠲᠤᠨ ᠤ ᠦᠨᠳᠦᠰᠦᠲᠡᠨ ᠤ ᠰᠤᠷᠭᠠᠨ ᠬᠦᠮᠦᠵᠢᠯ ᠢ ᠬᠦᠭᠵᠢᠬᠦᠯᠬᠦ᠂ ᠲᠦᠷᠦ ᠶᠢᠨ ᠪᠤᠳᠤᠯᠭ᠎ᠠ ᠵᠢ ᠲᠤᠬᠠᠢ ᠶᠢᠨ ᠤᠷᠤᠨ ᠳᠤ ᠵᠤᠬᠢᠴᠠᠭᠤᠯᠤᠨ ᠨᠠᠶᠢᠳ᠋ᠠᠪᠤᠷᠢᠵᠢᠭᠤᠯᠬᠤ᠂ ᠠᠮᠢ ᠠᠬᠤᠢ ᠶᠢᠨ ᠨᠦᠬᠦᠪᠦᠷᠢ ᠱᠠᠨᠭᠨᠠᠯ ᠤᠨ ᠲᠦᠷᠦ ᠶᠢᠨ ᠪᠤᠳᠤᠯᠭ᠎ᠠ ᠵᠢ ᠭᠠᠵᠠᠷ ᠤᠷᠤᠨ ᠤ ᠪᠤᠳᠠᠳᠤ ᠪᠠᠶᠢᠳᠠᠯ ᠲᠠᠢ ᠵᠤᠬᠢᠴᠠᠭᠤᠯᠬᠤ᠂ ᠬᠢᠯᠢ ᠳᠠᠭᠠᠤ ᠰᠤᠮᠤ ᠶᠢᠨ ᠤᠤᠯ ᠤᠨ ᠵᠠᠰᠠᠬ ᠵᠠᠬᠢᠷᠭᠠᠨ ᠤ ᠪᠠᠶᠢᠭᠤᠯᠤᠮᠵᠢ ᠵᠢ ᠰᠡᠷᠭᠦᠭᠡᠬᠦ ᠭᠡᠬᠦ ᠵᠡᠷᠭᠡ ᠤᠯᠠᠨ ᠰᠠᠨᠠᠯ ᠳᠤᠷᠠᠳᠤᠯᠭ᠎ᠠ ᠲᠠᠢ ᠬᠦᠷᠴᠦ ᠢᠷᠡᠭᠰᠡᠨ ᠪᠢᠯᠡ᠃ ᠲᠡᠷᠡᠪᠡᠷ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠤᠷᠤᠯᠴᠠᠵᠦ᠂ ᠦᠪᠡᠷ ᠤᠨ ᠳᠤᠷᠠᠳᠤᠬᠰᠠᠨ ᠳᠤᠷᠠᠳᠤᠯᠭ᠎ᠠ ᠨᠤᠭᠤᠳ ᠨᠢ ᠲᠦᠷᠦ ᠶᠢᠨ ᠪᠤᠳᠤᠯᠭ᠎ᠠ ᠲᠠᠢ ᠨᠡᠶᠢᠴᠡᠵᠦ ᠪᠠᠶᠢᠨ᠎ᠠ᠂ ᠲᠦᠷᠦ ᠵᠠᠰᠠᠬ ᠤᠨ ᠳᠡᠮᠵᠢᠯᠭᠡ ᠵᠢ ᠬᠦᠷᠲᠡᠨ᠎ᠠ ᠭᠡᠳᠡᠭ ᠲᠤ ᠢᠲᠡᠭᠡᠵᠦ ᠪᠠᠶᠢᠨ᠎ᠠ ᠭᠡᠵᠦ ᠪᠠᠶᠢᠪᠠ᠃

    ᠲᠡᠭᠦᠨ ᠤ ᠳᠤᠷᠠᠳᠤᠬᠰᠠᠨ ᠮᠠᠯ ᠤᠨ ᠦᠨ᠎ᠡ ᠬᠠᠩᠰᠢ ᠶᠢᠨ ᠲᠤᠬᠲᠠᠭᠤᠨ ᠢ ᠪᠠᠲᠤᠯᠠᠵᠦ᠂ ᠦᠨᠳᠦᠰᠦᠲᠡᠨ ᠤ ᠠᠵᠦ ᠠᠬᠤᠶᠢᠯᠠᠯ ᠢ ᠲᠦᠷᠦ ᠶᠢᠨ ᠪᠤᠳᠤᠯᠭ᠎ᠠ ᠪᠡᠷ ᠳᠡᠮᠵᠢᠬᠦ ᠪᠠ ᠮᠠᠯᠵᠢᠬᠤ ᠤᠷᠤᠨ ᠤ ᠵᠢᠭᠡᠯᠡᠯᠭᠡ ᠶᠢᠨ ᠴᠠᠬ ᠬᠤᠭᠤᠴᠠᠭ᠎ᠠ ᠵᠢ ᠤᠷᠳᠤᠳᠬᠠᠵᠦ᠂ ᠵᠢᠭᠡᠯᠡᠯᠭᠡ ᠶᠢᠨ ᠬᠡᠪ ᠵᠠᠬᠪᠤᠷ ᠢ ᠲᠦᠭᠦᠮᠴᠢᠯᠡᠨ ᠦᠭᠡᠷᠡᠴᠢᠯᠡᠬᠦ ᠭᠡᠳᠡᠭ ᠬᠤᠶᠠᠷ ᠰᠠᠨᠠᠯ ᠤᠨ ᠬᠢᠨᠢ ᠲᠤᠬᠠᠢ ᠠᠪᠤᠬᠰᠠᠨ ᠶᠠᠷᠢᠯᠴᠠᠯᠭ᠎ᠠ  ᠵᠢ ᠠᠦ᠋ᠳᠢᠣ᠋‍ ᠶᠢᠨ ᠬᠡᠯᠪᠡᠷᠢ ᠪᠡᠷ ᠵᠤᠬᠢᠶᠠᠯ ᠤᠨ ᠡᠬᠢᠨ ᠳᠤ ᠲᠠ ᠪᠦᠬᠦᠨ ᠲᠠᠢ ᠬᠤᠪᠢᠶᠠᠯᠴᠠᠯ᠎ᠠ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120691120315418