蒙古文网站Logo
ᠰᠢᠨᠬᠤᠸᠠ ᠮᠤᠩᠭ᠋ᠤᠯ ᠨᠧᠲ

ᠮᠤᠨᠭᠭᠤᠯ ᠡᠮ ᠡᠮᠨᠡᠯᠭᠡ ᠵᠢ ᠨᠡᠩ ᠰᠠᠶᠢᠨ ᠬᠦᠭᠵᠢᠭᠦᠯᠬᠦ ᠳᠤ ᠪᠠᠰᠠ ᠴᠤ ᠤᠯᠠᠨ ᠠᠰᠠᠭᠤᠳᠠᠯ ᠢ ᠰᠢᠢᠳᠪᠤᠷᠢᠯᠡᠬᠦ ᠴᠢᠬᠤᠯᠠᠲᠠᠢ

2017-01-18 11:49

    ᠰᠢᠨᠬᠤᠸᠠ ᠮᠤᠨᠭᠭᠤᠯ ᠨᠧᠲ  ᠬᠦᠬᠡᠬᠤᠲᠠ ᠶᠢᠨ 1 ᠰᠠᠷ᠎ ᠠ ᠶᠢᠨ 16 ᠤ᠋ ᠡᠳᠦᠷ ᠤᠨ ᠴᠠᠬᠢᠯᠭᠠᠨ ᠮᠡᠳᠡᠭᠡ (ᠰᠠᠷᠠᠨᠲᠦᠶᠠᠭ᠎ᠠ)《ᠬᠡᠳᠦᠢᠢᠪᠡᠷ ᠦᠪᠦᠷ ᠮᠤᠨᠭᠭᠤᠯ ᠤᠨ ᠮᠤᠨᠭᠭᠤᠯ ᠬᠢᠲᠠᠳ ᠡᠮ ᠡᠮᠨᠡᠯᠭᠡ ᠶᠢᠨ ᠦᠢᠯᠡᠰ ᠨᠡᠯᠢᠶᠡᠳ ᠠᠮᠵᠢᠯᠲᠠ ᠳᠤ ᠬᠦᠷᠦᠭᠰᠡᠨ ᠪᠤᠯᠪᠠᠴᠤ ᠦᠳᠲᠡᠷ ᠬᠦᠭᠵᠢᠬᠦ ᠡᠳ᠋ ᠤᠨ ᠵᠠᠰᠠᠬ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ᠂ ᠤᠯᠠᠨ ᠨᠡᠶᠢᠲᠡ ᠶᠢᠨ ᠡᠷᠡᠭᠦᠯ ᠮᠡᠨᠳᠤ ᠶᠢᠨ ᠦᠢᠯᠡᠴᠢᠯᠡᠭᠡᠨ ᠤ ᠱᠠᠭᠠᠷᠳᠠᠯᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠲᠡ ᠵᠢ ᠬᠦᠨᠵᠡᠭᠡᠶᠢᠷᠡᠭᠦᠯᠬᠦ ᠱᠠᠭᠠᠷᠳᠠᠯᠭ᠎ᠠ᠂ 〈ᠨᠢᠭᠡ ᠪᠦᠰᠡ ᠨᠢᠭᠡ ᠵᠠᠮ〉 ᠤ᠋ᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠵᠢ ᠬᠠᠨᠭᠭᠠᠵᠦ ᠨᠡᠩ ᠦᠨᠳᠦᠷ ᠬᠠᠷᠠᠯᠲᠠ ᠳᠤ ᠬᠦᠷᠬᠦ ᠳᠤ ᠪᠠᠰᠠ ᠨᠡᠯᠢᠶᠡᠳ ᠬᠡᠮᠵᠢᠶᠡᠨ ᠤ ᠴᠢᠷᠮᠠᠶᠢᠯᠭ᠎ᠠ ᠬᠡᠷᠡᠭᠲᠡᠢ》ᠭᠡᠵᠦ ᠦᠪᠦᠷ ᠮᠤᠨᠭᠭᠤᠯ ᠤᠨ ᠡᠷᠡᠭᠦᠯ ᠮᠡᠨᠲᠤ ᠲᠦᠯᠦᠪᠯᠡᠭᠡᠲᠤ ᠦᠷᠡᠵᠢᠯ ᠤᠨ ᠵᠦᠪᠯᠡᠯ ᠤᠨ ᠨᠠᠮ ᠤᠨ ᠳᠤᠭᠤᠶᠢᠯᠠᠩ ᠤᠨ ᠭᠡᠰᠢᠭᠦᠨ᠂ ᠦᠪᠦᠷ ᠮᠤᠨᠭᠭᠤᠯ ᠤᠨ ᠤᠯᠠᠨ ᠤᠯᠤᠰ ᠤᠨ ᠮᠤᠨᠭᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤᠯᠠᠭᠠᠨ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯ ᠤᠨ ᠦᠶ᠎ᠠ ᠪᠡᠷ ᠶᠠᠷᠢᠵᠤ ᠪᠠᠶᠢᠯ᠎ᠠ ᠃

    ᠸᠠᠩ ᠸᠸᠢ᠂ ᠭᠤᠤ ᠪᠦᠧᠧ᠂ ᠱᠢ ᠰᠢᠦ ᠮᠧᠢ ᠵᠡᠷᠬᠡ ᠭᠡᠰᠢᠭᠦᠳ ᠴᠤ ᠮᠤᠨᠭᠭᠤᠯ ᠡᠮ ᠡᠮᠨᠡᠯᠭᠡ ᠶᠢᠨ ᠲᠤᠬᠠᠢ ᠰᠠᠨᠠᠯ ᠳᠤᠷᠠᠳᠤᠯᠭ᠎ᠠ ᠪᠠᠨ ᠦᠷᠭᠡᠨ ᠲᠤᠰᠬᠠᠵᠦ ᠪᠠᠶᠢᠪᠠ᠃ ᠭᠡᠰᠢᠭᠦᠳ ᠤᠨ ᠰᠠᠨᠠᠯ ᠭᠤᠤᠯᠳᠠᠭᠤ ᠮᠤᠨᠭᠭᠤᠯ ᠡᠮ ᠤᠨ ᠦᠢᠯᠡᠳᠪᠦᠷᠢᠯᠡᠯ ᠢ ᠠᠵᠦ ᠦᠢᠯᠡᠰᠵᠢᠭᠦᠯᠬᠦ ᠪᠠ ᠬᠡᠪᠴᠢᠶᠡᠵᠢᠬᠦᠯᠬᠦ᠂ ᠮᠤᠨᠭᠭᠤᠯ ᠡᠮ ᠡᠮᠨᠡᠯᠭᠡ ᠶᠢᠨ ᠴᠢᠳᠠᠪᠤᠷᠢᠲᠠᠨ ᠢ ᠬᠦᠮᠦᠵᠢᠭᠦᠯᠬᠦ ᠪᠠ ᠬᠡᠷᠡᠭᠯᠡᠬᠦ᠂ ᠮᠤᠨᠭᠭᠤᠯ ᠡᠮ ᠤᠨ ᠮᠠᠲ᠋ᠧᠷᠢᠶᠠᠯ ᠢ ᠲᠠᠷᠢᠵᠦ ᠤᠷᠭᠤᠭᠤᠯᠬᠤ ᠰᠠᠭᠤᠷᠢᠨ ᠪᠠᠶᠢᠭᠤᠯᠬᠤ᠂ ᠮᠤᠨᠭᠭᠤᠯ ᠡᠮ ᠡᠮᠨᠡᠯᠭᠡ ᠶᠢᠨ ᠰᠤᠶᠤᠯ ᠢ ᠤᠯᠠᠮᠵᠢᠯᠠᠬᠤ ᠵᠡᠷᠭᠡ ᠲᠠᠯ᠎ᠠ ᠳᠡᠭᠡᠷ᠎ᠡ ᠲᠦᠪᠯᠡᠷᠡᠵᠦ ᠪᠠᠶᠢᠯ᠎ᠠ᠃ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠤ ᠭᠡᠰᠢᠭᠦᠨ᠂ ᠲᠦᠩᠯᠢᠶᠤᠤ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠰᠢ ᠴᠦᠨ ᠤ ᠶᠡᠷᠢᠬᠰᠠᠨ ᠢᠶᠡᠷ᠂ ᠦᠪᠦᠷ ᠮᠤᠨᠭᠭᠤᠯ ᠳᠤ ᠤᠳᠤ ᠪᠠᠷᠤᠬ 100 ᠭᠠᠷᠤᠢ ᠲᠦᠷᠦᠯ ᠤᠨ ᠮᠤᠨᠭᠭᠤᠯ ᠡᠮ ᠪᠠᠶᠢᠨ᠎ᠠ᠃ ᠮᠤᠨᠭᠭᠤᠯ ᠡᠮ ᠦᠢᠯᠡᠳᠪᠦᠷᠢᠯᠡᠬᠦ ᠠᠵᠦ ᠠᠬᠤᠶᠢᠯᠠᠯ᠂ ᠮᠤᠨᠭᠭᠤᠯ ᠡᠮᠨᠡᠯᠭᠡ᠂ ᠰᠤᠳᠤᠯᠭᠠᠨ ᠤ ᠪᠠᠶᠢᠭᠤᠯᠤᠮᠵᠢ ᠨᠢ ᠪᠦᠷ ᠦᠪᠡᠷ ᠤᠨ ᠢᠶᠡᠨ ᠨᠢᠭᠤᠴᠠ ᠵᠤᠷ ᠢᠢᠡᠷ  ᠡᠮ ᠦᠢᠯᠡᠳᠪᠦᠷᠢᠯᠡᠳᠡᠭ᠃ ᠡᠨᠡ ᠨᠢ ᠴᠢᠳᠠᠪᠤᠷᠢᠲᠠᠨ ᠪᠠ ᠲᠦᠭᠦᠭᠡᠷᠤᠮᠵᠢ ᠵᠢ ᠪᠦᠷᠢᠯᠭᠡᠬᠦ ᠪᠡᠷ ᠪᠠᠷᠠᠬᠤ ᠦᠭᠡᠢ ᠬᠡᠪᠴᠢᠶᠡᠵᠢᠭᠰᠡᠨ ᠠᠵᠦ ᠦᠢᠯᠡᠰ ᠪᠤᠯᠵᠦ ᠴᠢᠳᠠᠬᠤ ᠦᠭᠡᠢ᠃ ᠦᠪᠡᠷ ᠤᠨ ᠦᠷᠲᠡᠭ ᠨᠢ ᠴᠤ ᠦᠨᠳᠦᠷ ᠪᠠᠶᠢᠵᠦ ᠡᠪᠡᠳᠴᠢᠲᠡᠨ ᠤ ᠳᠠᠷᠤᠭᠠᠰᠤ ᠵᠢ ᠬᠦᠨᠳᠦᠷᠡᠭᠦᠯᠳᠡᠭ᠃《ᠶᠡᠬᠡ ᠪᠠᠶᠠᠯᠢᠬ ᠢ ᠪᠠᠭ᠎ᠠ ᠪᠡᠷ ᠦᠢᠯᠡᠳᠪᠦᠷᠢᠯᠡᠬᠦ》ᠪᠠᠶᠢᠳᠠᠯ ᠪᠤᠢ ᠪᠤᠯᠵᠦ᠂ ᠮᠤᠨᠭᠭᠤᠯ ᠡᠮ ᠡᠮᠨᠡᠯᠭᠡ ᠶᠢᠨ ᠬᠦᠭᠵᠢᠯᠲᠡ ᠳᠤ ᠠᠰᠢᠬ ᠦᠭᠡᠢ ᠪᠠᠢᠢᠨ᠎ᠠ᠃

    ᠭᠡᠰᠢᠭᠦᠨ ᠱᠢ ᠰᠢᠦ ᠮᠧᠢ ᠶᠢᠨ ᠶᠠᠷᠢᠬᠰᠠᠨ ᠢᠶᠡᠷ᠂ ᠡᠯ᠎ᠡ ᠭᠠᠵᠠᠷ ᠤᠨ ᠮᠤᠨᠭᠭᠤᠯ ᠡᠮᠨᠡᠯᠭᠡ ᠶᠢᠨ ᠤᠷᠤᠨ ᠲᠤᠭ᠎ᠠ ᠲᠠᠢ ᠡᠯᠰᠡᠨ ᠠᠵᠢᠯᠯᠠᠭᠤᠯᠵᠦ ᠪᠤᠢ ᠡᠮᠴᠢ ᠠᠵᠢᠯᠲᠠᠨ ᠤ ᠲᠤᠭ᠎ᠠ ᠴᠦᠭᠡᠨ᠂ ᠤᠷᠢᠨ ᠬᠡᠷᠡᠭᠯᠡᠬᠦ ᠬᠡᠯᠪᠡᠷᠢ ᠪᠡᠷ ᠠᠵᠢᠯᠲᠠᠨ ᠡᠯᠰᠡᠵᠦ ᠪᠠᠶᠢᠬᠤ ᠪᠠ ᠴᠠᠯᠢᠩ ᠬᠦᠯᠦᠰᠦ ᠵᠢ ᠨᠢ ᠡᠮᠨᠡᠯᠭᠡ ᠶᠢᠨ ᠤᠷᠤᠯᠭ᠎ᠠ ᠡᠴᠡ ᠪᠡᠨ ᠭᠠᠷᠭᠠᠳᠠᠬ᠃ ᠲᠡᠶᠢᠨᠬᠦ ᠡᠮᠨᠡᠯᠭᠡ ᠶᠢᠨ ᠳᠠᠷᠤᠭᠠᠰᠤ ᠵᠢ ᠬᠦᠨᠳᠦᠷᠡᠭᠦᠯᠵᠦ ᠪᠠᠶᠢᠳᠠᠬ ᠡᠴᠡ ᠡᠮᠨᠡᠯᠭᠡ ᠶᠢᠨ ᠵᠠᠷᠤᠳᠠᠯ ᠮᠦᠩᠭᠦ ᠴᠤ ᠤᠯᠠᠮ ᠬᠤᠮᠰᠠᠳᠠᠵᠦ᠂ ᠡᠮᠴᠢ ᠠᠵᠢᠯᠲᠠᠨ ᠤ ᠲᠤᠰᠬᠠᠢ ᠪᠤᠯᠪᠠᠰᠤᠷᠠᠯ ᠳᠤ ᠤᠷᠤᠯᠴᠠᠬᠤ ᠲᠤᠬᠢᠶᠠᠯ ᠬᠤᠪᠤᠷᠳᠠᠨ᠂ ᠠᠵᠢᠯ ᠤᠨ ᠬᠢᠷᠢ ᠲᠦᠪᠰᠢᠨ ᠨᠢ ᠳᠡᠭᠡᠭ᠍ᠰᠢᠯᠡᠬᠦ ᠨᠢ ᠴᠤ ᠤᠳᠠᠭᠠᠨ ᠪᠠᠶᠢᠳᠠᠬ᠃ ᠢᠯᠠᠨᠭᠭᠤᠶ᠎ᠠ ᠬᠤᠰᠢᠭᠤ ᠰᠢᠶᠠᠨ ᠤ ᠡᠮᠨᠡᠯᠭᠡ ᠨᠢ ᠶᠡᠬᠡ ᠰᠤᠷᠭᠠᠭᠤᠯᠢ ᠲᠡᠭᠦᠰᠦᠭᠰᠡᠨ ᠤᠶᠤᠲᠠᠨ ᠪᠠ ᠲᠤᠰᠬᠠᠢ ᠮᠡᠷᠭᠡᠵᠢᠯ ᠤᠨ ᠰᠤᠷᠤᠬᠴᠢᠳ ᠢ ᠡᠯᠰᠡᠭᠦ ᠳᠤ ᠬᠦᠴᠢᠷ᠂ ᠤᠤᠯ ᠡᠴᠡ ᠪᠠᠶᠢᠬᠰᠠᠨ ᠴᠢᠳᠠᠪᠤᠷᠢᠲᠠᠨ ᠢᠶᠡᠨ ᠴᠤ ᠦᠯᠡᠳᠡᠭᠡᠬᠦ ᠳᠤ ᠪᠡᠷᠬᠡ ᠪᠤᠯᠵᠦ ᠡᠮᠴᠢ ᠠᠵᠢᠯᠲᠠᠨ ᠤ ᠡᠩᠨᠡᠭᠡ ᠨᠢ ᠮᠠᠰᠢ ᠲᠤᠬᠲᠠᠭᠤᠨ ᠪᠤᠰᠤ ᠪᠠᠶᠢᠳᠠᠭ᠃

    ᠭᠡᠰᠢᠭᠦᠳ ᠤᠨ ᠶᠠᠷᠢᠬᠤ ᠪᠡᠷ᠂ ᠮᠤᠨᠭᠭᠤᠯ ᠡᠮᠴᠢ ᠶᠢᠨ ᠱᠠᠪᠢ ᠬᠦᠮᠦᠵᠢᠭᠦᠯᠬᠦ ᠨᠢ ᠤᠯᠠᠮ ᠢᠶᠡᠷ ᠴᠦᠭᠡᠷᠡᠵᠦ᠂ ᠮᠤᠨᠭᠭᠤᠯ ᠡᠮᠨᠡᠯᠭᠡ ᠶᠢᠨ ᠵᠠᠷᠢᠮ ᠤᠨᠴᠠ ᠵᠠᠰᠠᠯ ᠤᠯᠠᠮᠵᠢᠯᠠᠯ ᠲᠠᠰᠤᠷᠠᠵᠦ ᠪᠤᠢ᠃ ᠠᠷᠠᠳ ᠤᠨ ᠳᠤᠮᠳᠠᠬᠢ ᠨᠡᠷᠡᠲᠡᠢ ᠡᠮᠴᠢ ᠨᠠᠷ ᠰᠤᠷᠤᠯᠭ᠎ᠠ ᠶᠢᠨ ᠨᠠᠮᠲᠠᠷ ᠳᠤᠤᠷ᠎ᠠ᠂ ᠡᠮᠴᠢᠯᠡᠭᠡᠨ ᠤ ᠭᠡᠷᠡᠴᠢ ᠦᠭᠡᠢ ᠡᠴᠡ ᠦᠪᠡᠷ ᠤᠨ ᠮᠡᠷᠭᠡᠵᠢᠯ ᠡᠷᠳᠡᠮ ᠢᠶᠡᠨ ᠲᠤᠭᠤᠳᠠᠬ ᠬᠡᠳᠦᠨ ᠰᠤᠷᠤᠬᠴᠢᠳ ᠲᠠᠭᠠᠨ ᠤᠯᠠᠮᠵᠢᠯᠠᠵᠦ᠂ ᠲᠡᠳᠡᠭᠡᠷ ᠰᠤᠷᠤᠬᠴᠢᠳ ᠨᠢ ᠶᠡᠬᠡ ᠰᠤᠷᠭᠠᠭᠤᠯᠢ ᠲᠡᠭᠦᠰᠦᠭᠰᠡᠨ ᠦᠭᠡᠢ ᠡᠴᠡ ᠤᠯᠤᠰ ᠤᠨ ᠵᠦᠪᠰᠢᠶᠡᠷᠡᠯ ᠢ ᠤᠯᠵᠦ ᠴᠢᠳᠠᠳᠠᠬ ᠦᠭᠡᠢ᠃ ᠲᠡᠶᠢᠮᠦ ᠡᠴᠡ ᠮᠤᠨᠭᠭᠤᠯ ᠡᠮᠨᠡᠯᠭᠡ ᠶᠢᠨ ᠤᠯᠠᠮᠵᠢᠯᠯᠠᠲᠤ ᠤᠬᠢ ᠵᠠᠰᠠᠯ ᠤᠨ ᠠᠷᠭ᠎ᠠ ᠡᠷᠳᠡᠮ ᠢ ᠤᠯᠠᠮᠵᠢᠯᠠᠵᠦ ᠬᠤᠴᠤᠷᠭᠠᠬᠤ ᠨᠢ ᠮᠠᠰᠢ ᠲᠤᠯᠭᠠᠮ᠎ᠠ ᠶᠠᠪᠤᠳᠠᠯ ᠪᠤᠯᠤᠭᠠᠳ ᠪᠤᠢ᠃ ᠮᠤᠨᠭᠭᠤᠯ ᠡᠮ ᠡᠮᠨᠡᠯᠭᠡ ᠨᠢ ᠤᠯᠤᠰ ᠤᠨ ᠪᠡᠶᠡᠲᠤ ᠪᠤᠰᠤ ᠰᠤᠶᠤᠯ ᠤᠨ ᠦᠪ ᠮᠦᠨ᠃ ᠰᠡᠭᠦᠯ ᠤᠨ ᠦᠶ᠎ᠡ ᠳᠤ ᠮᠤᠨᠭᠭᠤᠯ ᠡᠮ ᠡᠮᠨᠡᠯᠭᠡ ᠶᠢᠨ ᠠᠰᠠᠭᠤᠳᠠᠯ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠠᠩᠬᠠᠷᠤᠯ ᠢ ᠶᠡᠬᠡᠪᠡᠷ ᠲᠠᠲᠠᠵᠦ᠂ ᠶᠠᠷᠢᠯᠴᠠᠭᠠᠨ ᠤ ᠬᠢᠨᠢ ᠬᠠᠯᠠᠮᠰᠢᠯ ᠰᠡᠳᠦᠪ ᠪᠤᠯᠵᠠᠢ᠃

    ᠤᠶᠢᠯᠠᠭᠠᠬᠰᠠᠨ ᠢᠶᠡᠷ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠳᠦᠷᠪᠡᠳᠦᠭᠡᠷ ᠬᠤᠷᠠᠯ ᠡᠴᠡ ᠨᠠᠭᠠᠰᠢᠬᠢ ᠮᠤᠨᠭᠭᠤᠯ ᠡᠮ ᠡᠮᠴᠢᠯᠡᠭᠡ ᠵᠢᠨ ᠲᠦᠰᠦᠯ ᠪᠤᠯᠤᠨ ᠮᠤᠨᠭᠭᠤᠯ ᠡᠮ ᠢ ᠦᠪᠦᠷ ᠮᠤᠨᠭᠭᠤᠯ ᠤᠨ ᠰᠠᠭᠤᠭᠠᠯᠢ ᠠᠷᠠᠳ᠂ ᠠᠵᠢᠯᠲᠠᠨ ᠤ ᠡᠮᠨᠡᠯᠭᠡ ᠶᠢᠨ ᠳᠠᠭᠠᠳᠬᠠᠯ᠂ ᠡᠭᠦᠳᠡᠨ ᠡᠮᠨᠡᠯᠭᠡ ᠳᠤ ᠨᠢᠭᠡᠳᠦᠯᠵᠢᠭᠦᠯᠦᠨ ᠲᠤᠭᠠᠴᠠᠬᠤ ᠬᠦᠷᠢᠶ᠎ᠡ ᠴᠠᠷ᠎ᠠ ᠳᠤ ᠤᠷᠤᠭᠤᠯᠬᠤ ᠲᠤᠬᠠᠢ ᠰᠠᠨᠠᠯ ᠳᠤᠷᠠᠳᠤᠯᠭ᠎ᠠ ᠶᠢᠨ ᠳᠠᠭᠠᠤ ᠨᠡᠶᠢᠲᠡ 183 ᠵᠦᠢᠯ ᠤᠨ ᠨᠠᠢᠢᠷᠠᠭᠤᠯᠤᠬᠰᠠᠨ ᠮᠤᠩᠭ᠋ᠤᠯ ᠡᠮ ᠢ ᠪᠦᠬᠦᠨ ᠢ ᠬᠤᠲᠠ ᠪᠠᠯᠭᠠᠰᠤᠨ ᠤ ᠡᠮᠨᠡᠯᠭᠡ ᠶᠢᠨ ᠳᠠᠭᠠᠳᠬᠠᠯ᠂ ᠠᠵᠢᠯ ᠡᠴᠡ ᠪᠤᠯᠤᠬᠰᠠᠨ ᠰᠢᠷᠬᠠᠳᠤᠯ᠂ ᠬᠦᠩᠭᠡᠵᠢᠬᠦ ᠳᠠᠭᠠᠳᠬᠠᠯ ᠤᠨ ᠲᠠᠩᠰᠠ ᠴᠠᠶᠢᠷᠠᠭᠤᠯᠬᠤ ᠬᠦᠷᠢᠶ᠎ᠡ ᠴᠠᠷ᠎ᠠ ᠳᠤ ᠪᠠᠬᠲᠠᠭᠠᠵᠠᠢ᠃ ᠮᠦᠨ ᠤᠶᠢᠯᠠᠭᠠᠬᠰᠠᠨ ᠢᠶᠡᠷ᠂ ᠦᠪᠦᠷ ᠮᠤᠨᠭᠭᠤᠯ 《13·5》ᠬᠦᠭ᠍ᠵᠢᠯᠲᠡ ᠶᠢᠨ ᠲᠦᠰᠦᠯ ᠤᠨ ᠬᠤᠭᠤᠴᠠᠭᠠᠨ ᠳᠤ ᠵᠢᠯ ᠪᠦᠷᠢ ᠳ᠋ᠦᠩᠰᠢᠭᠤᠷ ᠲᠦᠭᠦᠷᠢᠭ᠌ ᠤᠨ ᠬᠦᠷᠦᠩᠭᠡ ᠤᠷᠤᠭᠤᠯᠵᠦ᠂ ᠮᠤᠨᠭᠭᠤᠯ ᠡᠮ ᠰᠢᠨ᠎ᠡ ᠡᠮ ᠦᠢᠯᠡᠳᠬᠦ ᠵᠡᠷᠭᠡ 10 ᠢᠨᠵᠧᠨᠧᠷᠢᠩ ᠢ ᠠᠵᠢᠯᠯᠠᠭᠤᠯᠵᠦ᠂ ᠮᠤᠨᠭᠭᠤᠯ ᠡᠮ ᠤᠨ ᠠᠶᠤᠯᠭᠦᠢ ᠴᠢᠨᠠᠷ ᠴᠢᠨᠰᠠᠭ᠎ᠠ ᠵᠢ ᠪᠠᠲᠤᠯᠠᠬᠤ ᠶᠢᠨ ᠵᠡᠷᠭᠡᠪᠡᠷ ᠮᠤᠨᠭᠭᠤᠯ ᠡᠮ ᠤᠨ ᠠᠵᠦ ᠠᠬᠤᠶᠢᠯᠠᠯ ᠢ ᠦᠨᠳᠦᠰᠦᠲᠡᠨ ᠤ ᠡᠮ ᠤᠨ ᠦᠢᠯᠡᠰ ᠤᠨ ᠡᠮᠦᠨ᠎ᠡ ᠪᠡᠶᠢᠷᠢᠨ ᠳᠤ ᠬᠦᠷᠭᠡᠬᠦ ᠪᠡᠷ ᠬᠦᠴᠦᠯᠡᠵᠦ ᠪᠤᠢ᠃ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ 2017 ᠤᠨ ᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠡᠭᠡᠨ ᠴᠦ ᠮᠤᠨᠭᠭᠤᠯ ᠬᠢᠲᠠᠳ ᠡᠮ ᠦᠢᠯᠡᠳᠪᠦᠷᠢᠯᠡᠵᠦ ᠪᠤᠯᠪᠠᠰᠤᠷᠠᠭᠤᠯᠬᠤ ᠰᠠᠭᠤᠷᠢᠨ ᠪᠠᠶᠢᠭᠤᠯᠵᠦ ᠠᠵᠦ ᠦᠢᠯᠡᠰᠵᠢᠯᠲᠡ ᠵᠢ ᠴᠢᠨᠭᠭᠠᠳᠬᠠᠨ᠎ᠠ ᠭᠡᠵᠦ ᠳᠤᠷᠠᠳᠤᠬᠰᠠᠨ ᠪᠠᠶᠢᠨ᠎ᠠ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120335817