蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠬᠡᠳᠤᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠢᠶᠡᠷ 708 ᠰᠠᠨᠠᠯ ᠲᠤᠷᠠᠳᠤᠯᠭ᠎ᠠ ᠲᠡᠪᠰᠢᠬᠦᠯᠦᠭᠳᠡᠪᠡ

2017-01-18 11:49

    ᠰᠢᠨᠬᠤᠸᠠ ᠮᠤᠩᠭ᠋᠋ᠤᠯ ᠨᠧᠲ  ᠬᠦᠬᠡᠬᠤᠳᠠ ᠶᠢᠨ 1 ᠰᠠᠷ᠎ᠠ ᠶᠢᠨ 17 ᠤ᠋ ᠡᠳᠤᠷ ᠤᠨ ᠴᠠᠬᠢᠯᠭᠠᠨ ᠮᠡᠳᠡᠬᠡ ( ᠰᠠᠷᠠᠨᠳᠤᠶᠠᠭ᠎ᠠ) 17 ᠤ᠋ ᠡᠳᠤᠷ ᠤᠨ ᠦᠳᠡ ᠶᠢᠨ ᠬᠤᠶᠢᠨ᠎ᠠ᠂ ᠦᠪᠦᠷ ᠮᠤᠩᠭ᠋᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠬᠡᠳᠤᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠦᠪᠦᠷ ᠮᠤᠩᠭ᠋᠋ᠤᠯ ᠤᠨ ᠠᠷᠠᠳ ᠤᠨ ᠬᠤᠷᠠᠯ ᠤᠨ ᠲᠠᠩᠬᠢᠮ ᠳᠤ ᠬᠠᠭᠠᠯᠳᠠ ᠪᠠᠨ ᠬᠢᠵᠤ᠂ ᠬᠤᠷᠠᠯ ᠢᠶᠡᠷ ᠲᠡᠪᠰᠢᠬᠦᠯᠦᠭᠳᠡᠭᠰᠡᠨ ᠨᠡᠶᠢᠲᠡ 708 ᠰᠠᠨᠠᠯ ᠲᠤᠷᠠᠳᠤᠯᠭ᠎ᠠ ᠶᠢ ᠬᠦᠯᠢᠶᠡᠨ ᠠᠪᠤᠪᠠ᠃ ᠤᠶᠢᠯᠠᠭᠠᠭᠰᠠᠨ ᠢᠶᠡᠷ᠂ 2017 ᠤᠨ ᠤ 1 ᠰᠠᠷ᠎ᠠ ᠶᠢᠨ 15 ᠤ᠋ ᠡᠳᠤᠷ ᠤᠨ 18᠄ 00 ᠴᠠᠭ ᠪᠤᠯᠳᠠᠯ᠎ᠠ ᠦᠪᠦᠷ ᠮᠤᠩᠭ᠋᠋ᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠬᠡᠳᠤᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠢᠶᠡᠷ ᠨᠡᠶᠢᠲᠡ 708 ᠰᠠᠨᠠᠯ ᠲᠤᠷᠠᠳᠤᠯᠭ᠎ᠠ ᠲᠡᠪᠰᠢᠬᠦᠯᠦᠭᠳᠡᠪᠡ᠂ ᠡᠬᠦᠨ ᠳᠤ ᠡᠳ᠋ ᠤᠨ ᠵᠠᠰᠠᠭ ᠤᠨ ᠲᠤᠭᠳᠠᠭᠤᠨ ᠬᠦᠭ᠍ᠵᠢᠯᠳᠡ ᠶᠢ ᠪᠡᠶᠡᠯᠡᠬᠦᠯᠬᠦ ᠲᠤᠬᠠᠢ ᠲᠤᠷᠠᠳᠤᠯᠭ᠎ᠠ 133᠂ ᠢᠷᠭᠡᠳ ᠤᠨ ᠠᠮᠢᠵᠢᠷᠭ᠎ᠠ ᠶᠢ ᠰᠠᠶᠢᠵᠢᠷᠠᠭᠤᠯᠬᠤ ᠪᠡ ᠪᠠᠳᠤᠯᠠᠬᠤ ᠲᠤᠬᠠᠢ ᠲᠤᠷᠠᠳᠤᠯᠭ᠎ᠠ 155᠂ ᠠᠷᠠᠳᠴᠢᠯᠠᠭᠰᠠᠨ ᠬᠠᠤᠯᠢ ᠪᠡᠷ ᠵᠠᠰᠠᠬᠤ ᠪᠠᠶᠢᠭᠤᠯᠤᠯᠳᠠ ᠶᠢᠨ ᠲᠤᠬᠠᠢ ᠲᠤᠷᠠᠳᠤᠯᠭ᠎ᠠ 85᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠧᠭᠨᠤᠯᠤᠬᠢ᠂ ᠰᠤᠶᠤᠯ ᠤᠨ ᠠᠵᠤ ᠦᠢᠯᠡᠰ ᠤᠨ ᠬᠦᠭ᠍ᠵᠢᠯᠳᠡ ᠶᠢᠨ ᠲᠤᠬᠠᠢ ᠲᠤᠷᠠᠳᠤᠯᠭ᠎ᠠ 158᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠲᠤᠬᠠᠢ ᠲᠤᠷᠠᠳᠤᠯᠭ᠎ᠠ 121 ᠪᠠᠭᠳᠠᠭᠰᠠᠨ ᠪᠠᠶᠢᠨ᠎ᠠ᠃ ᠰᠠᠨᠠᠯ ᠲᠠᠪᠰᠢᠬᠦᠯᠦᠭᠰᠡᠨ ᠬᠡᠰᠢᠬᠦᠨ 347 ᠬᠦᠷᠴᠦ᠂ ᠪᠦᠬᠦ ᠬᠡᠰᠢᠬᠦᠳ ᠤᠨ 67.38% ᠶ᠋ᠢ ᠡᠵᠡᠯᠡᠵᠡᠢ᠃

ᠢᠷᠡᠯᠳᠡ᠄ ᠰᠢᠨᠬᠤᠸᠠ ᠮᠤᠩᠭ᠋᠋ᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120335996