蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ 2016 ᠤᠨ ᠤ ᠰᠢᠯᠢᠳᠡᠭ ᠰᠠᠨᠠᠯ ᠳᠤᠷᠠᠳᠤᠯᠭ᠎ᠠ ᠵᠢ ᠬᠦᠬᠢᠬᠦᠯᠦᠨ ᠰᠠᠶᠢᠰᠢᠶᠠᠪᠠ

2017-01-18 17:24

    ᠰᠢᠨᠬᠤᠸᠠ ᠮᠤᠨᠭᠭᠤᠯ ᠨᠧᠲ ᠬᠦᠬᠡᠬᠤᠲᠠ ᠶᠢᠨ 1 ᠰᠠᠷ᠎᠎ᠠ ᠶᠢᠨ 17 ᠤ ᠡᠳᠦᠷ ᠤᠨ ᠴᠠᠬᠢᠯᠭᠠᠨ ᠮᠡᠳᠡᠭᠡ (ᠰᠠᠷᠠᠨᠲᠦᠶᠠᠭ᠎ᠠ) ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠠᠪᠤᠳᠤᠭᠠᠷ ᠬᠤᠷᠠᠯ ᠦᠨᠦᠳᠦᠷ ᠬᠠᠭᠠᠯᠲᠠ ᠪᠠᠨ ᠬᠢᠵᠦ᠂ ᠶᠤᠰᠤᠯᠠᠯ ᠤᠨ ᠦᠶ᠎ᠡ ᠪᠡᠷ 2016 ᠤᠨ ᠤ ᠰᠢᠯᠢᠳᠡᠭ ᠰᠠᠨᠠᠯ ᠳᠤᠷᠠᠳᠤᠯᠭ᠎ᠠ ᠵᠢ ᠬᠦᠬᠢᠬᠦᠯᠦᠨ ᠰᠠᠶᠢᠰᠢᠶᠠᠵᠠᠢ᠃

    ᠡᠭᠦᠨ ᠳᠤ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭᠠᠨ ᠤ ᠦᠪᠦᠷ ᠮᠤᠨᠭᠭᠤᠯ ᠳᠡᠬᠢ ᠰᠠᠯᠪᠤᠷᠢ ᠶᠢᠨ ᠳᠡᠪᠰᠢᠭᠦᠯᠦᠭᠰᠡᠨ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠨ ᠤᠯᠤᠰ ᠤᠨ ᠡᠮᠨᠡᠯᠭᠡ ᠶᠢᠨ ᠶᠡᠬᠡ ᠰᠤᠷᠭᠠᠭᠤᠯᠢ ᠪᠠᠶᠢᠭᠤᠯᠬᠤ ᠳᠤᠬᠠᠢ ᠳᠤᠷᠠᠳᠤᠯᠭ᠎ᠠ᠂ ᠪᠠᠲᠤᠴᠢᠯᠠᠭᠤ ᠵᠡᠷᠭᠡ ᠭᠡᠰᠢᠭᠦᠳ ᠤᠨ ᠳᠡᠪᠰᠢᠭᠦᠯᠦᠭᠰᠡᠨ ᠲᠡᠮᠡᠭᠡᠨ ᠤ ᠠᠵᠦ ᠦᠢᠯᠡᠰ ᠢ ᠲᠦᠷᠦ ᠶᠢᠨ ᠪᠤᠳᠤᠯᠭ᠎ᠠ ᠪᠡᠷ ᠳᠡᠮᠵᠢᠬᠦ ᠲᠤᠬᠠᠢ ᠳᠤᠷᠠᠳᠤᠯᠭ᠎ᠠ᠂ ᠴᠡᠴᠡᠭ ᠵᠡᠷᠭᠡ ᠭᠡᠰᠢᠭᠦᠳ ᠤᠨ ᠦᠬᠡᠷ ᠬᠤᠨᠢᠨ ᠤ ᠮᠢᠬᠠᠨ ᠤ ᠬᠠᠷᠠᠯᠲᠠᠲᠤ ᠦᠨ᠎ᠡ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠲᠤᠬᠠᠢ ᠳᠤᠷᠠᠳᠤᠯᠭ᠎ᠠ᠂ ᠸᠠᠩ ᠹᠧᠩ ᠭᠡᠰᠢᠭᠦᠨ ᠤ ᠳᠤᠷᠠᠳᠤᠬᠰᠠᠨ ᠮᠤᠨᠭᠭᠤᠯ ᠡᠮ ᠡᠮᠴᠢᠯᠡᠭᠡ ᠶᠢᠨ ᠲᠦᠰᠦᠯ ᠪᠤᠯᠤᠨ ᠮᠤᠨᠭᠭᠤᠯ ᠡᠮ ᠢ ᠦᠪᠦᠷ ᠮᠤᠨᠭᠭᠤᠯ ᠤᠨ ᠰᠠᠭᠤᠭᠠᠯᠢ ᠠᠷᠠᠳ᠂ ᠠᠵᠢᠯᠲᠠᠨ ᠤ ᠡᠮᠨᠡᠯᠭᠡ ᠶᠢᠨ ᠳᠠᠭᠠᠳᠬᠠᠯ᠂ ᠡᠭᠦᠳᠡᠨ ᠡᠮᠨᠡᠯᠭᠡ ᠳᠤ ᠨᠢᠭᠡᠳᠦᠯᠵᠢᠭᠦᠯᠦᠨ ᠲᠤᠭᠠᠴᠠᠭᠠᠬᠤ ᠬᠦᠷᠢᠶᠡᠨ ᠳᠤ ᠤᠷᠤᠭᠤᠯᠬᠤ ᠲᠤᠬᠠᠢ ᠳᠤᠷᠠᠳᠤᠯᠭ᠎ᠠ᠂ ᠤᠶᠤᠨᠳᠠᠯᠠᠢ ᠭᠡᠰᠢᠭᠦᠨ ᠤ ᠳᠤᠷᠠᠳᠤᠬᠰᠠᠨ ᠨᠡᠭᠦᠳᠡᠯ ᠰᠤᠶᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ ᠢ ᠪᠠᠶᠢᠭᠤᠯᠬᠤ ᠲᠤᠬᠠᠢ ᠳᠤᠷᠠᠳᠤᠯᠭ᠎ᠠ᠂ ᠤᠳᠤᠨᠮᠦᠢᠴᠢᠷ ᠭᠡᠰᠢᠭᠦᠨ ᠤ ᠳᠡᠪᠰᠢᠭᠦᠯᠦᠭᠰᠡᠨ ᠬᠤᠤᠰ ᠬᠡᠯᠡᠨ ᠤ ᠺᠠᠳ᠋ᠷ ᠢ ᠵᠤᠬᠢᠰᠲᠠᠢ ᠬᠦᠮᠦᠵᠢᠭᠦᠯᠵᠦ ᠰᠢᠯᠭᠠᠷᠠᠭᠤᠯᠬᠤ ᠲᠤᠬᠠᠢ ᠳᠤᠷᠠᠳᠤᠯᠭ᠎ᠠ ᠵᠡᠷᠭᠡ ᠵᠢ ᠪᠠᠬᠲᠠᠭᠠᠬᠰᠠᠨ 30 ᠳᠤᠷᠠᠳᠤᠯᠭ᠎ ᠠ 2016 ᠤᠨ ᠤ ᠰᠢᠯᠢᠳᠡᠭ ᠰᠠᠨᠠᠯ ᠳᠤᠷᠠᠳᠤᠯᠭ᠎ᠠ ᠪᠡᠷ ᠰᠢᠯᠢᠭᠳᠡᠭᠰᠡᠨ ᠪᠠᠶᠢᠨ᠎ᠠ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011100001120338640