蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠪᠠᠭ ᠤᠨ ᠠᠷᠪᠠ ᠶᠢᠰᠤᠳᠡᠬᠢ ᠬᠤᠷᠠᠯ ᠢ ᠡᠷᠬᠢᠯᠠᠨ ᠬᠤᠷᠠᠯᠳᠤᠭᠤᠯᠪᠠ

2017-02-06 10:54

    2 ᠰᠠᠷ᠎ᠠ ᠶᠢᠨ 4 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠪᠠᠭ ᠤᠨ ᠲᠠᠷᠤᠭ᠎ᠠ ᠯᠢ ᠵᠢᠢ ᠡᡁᠧᠩ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠪᠠᠭ ᠤᠨ ᠠᠷᠪᠠ ᠶᠢᠰᠤᠳᠤᠭᠡᠷ ᠤᠳᠠᠭ᠎ᠠ ᠶᠢᠨ ᠬᠤᠷᠠᠯ ᠢ ᠡᠷᠬᠢᠯᠠᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠦᠬᠡᠷᠡᠴᠢᠯᠠᠯᠳᠠ ᠶᠢᠨ ᠨᠠᠷᠢᠨ ᠲᠠᠩᠰᠠ ᠶᠢ ᠨᠢᠬᠡᠳᠤᠯᠳᠠᠢ ᠬᠠᠮᠢᠶᠠᠷᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠦᠬᠡᠷᠡᠴᠢᠯᠠᠯᠳᠠ ᠶᠢ ᠨᠡᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠦᠨᠳᠤᠰᠤᠨ ᠱᠠᠳᠤᠨ ᠤ ᠦᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠶᠢ ᠲᠡᠮᠵᠢᠵᠤ᠂ ᠦᠬᠡᠷᠡᠴᠢᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠯᠠᠪᠳᠠᠭᠤᠨ ᠪᠠᠳᠤᠳᠠᠢ ᠠᠵᠢᠯᠯᠠᠬᠤ ᠬᠡᠪ ᠰᠤᠷᠳᠠᠯ ᠢᠶᠠᠷ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠤ᠂ ᠡᠯ᠎ᠠ ᠵᠦᠢᠯ ᠤᠨ ᠦᠬᠡᠷᠡᠴᠢᠯᠠᠯᠳᠠ ᠶᠢᠨ ᠠᠷᠭ᠎ᠠ ᠬᠡᠮᠵᠢᠶ᠎ᠠ ᠶᠢᠨ ᠦᠷᠡᠯᠠᠨ ᠦᠨᠳᠤᠰᠤᠯᠠᠵᠤ᠂ ᠦᠷ᠎ᠠ ᠠᠰᠢᠬ ᠤᠯᠬᠤ ᠶᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠪᠠᠭ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠦᠬᠡᠳ ᠤᠯᠤᠰ ᠲᠦᠷᠤ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠪᠠᠭ ᠤᠨ ᠲᠡᠳ᠋ ᠲᠠᠷᠤᠭ᠎ᠠ ᠯᠢ ᠵᠢᠶᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠪᠠᠭ ᠤᠨ ᠪᠦᠷᠢᠯᠳᠤᠬᠦᠨ ᠨᠠᠷ ᠬᠤᠷᠠᠯ ᠳᠤ ᠤᠷᠤᠯᠴᠠᠵᠤ᠂ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃

    ᠬᠤᠷᠠᠯ ᠠᠴᠠ《ᠪᠤᠬᠢᠷᠳᠤᠯ ᠦᠬᠡᠢ ᠮᠦᠩᠬᠦᠨ ᠬᠦᠢᠯᠬᠡᠬᠡᠨ ᠤ ᠰᠢᠰᠲ᠋ᠧᠮ ᠢ ᠪᠠᠶᠢᠭᠤᠯᠬᠤ ᠲᠤᠬᠠᠢ ᠭᠡᠷᠡᠭᠵᠢᠬᠦᠯᠬᠦ ᠰᠠᠨᠠᠯ》᠂《ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠬᠡᠴᠠ ᠳᠤ ᠬᠠᠷᠢᠶᠠᠯᠠᠬᠳᠠᠬᠤ ᠠᠵᠤ ᠠᠬᠤᠢᠢᠯᠠᠯ ᠢ ᠰᠠᠯᠭᠠᠬᠤ ᠦᠬᠡᠷᠡᠴᠢᠯᠠᠯᠳᠠ ᠪᠤᠯᠤᠨ ᠡᠵᠡᠩᠨᠡᠯᠳᠠ ᠶᠢᠨ ᠴᠢᠨᠠᠷᠳᠠᠢ ᠤᠯᠤᠰ ᠤᠨ ᠦᠮᠴᠢᠯᠠᠯ ᠤᠨ ᠬᠦᠷᠤᠩᠬᠡ ᠶᠢ ᠲᠦᠪᠯᠡᠷᠡᠬᠦᠯᠤᠨ ᠨᠢᠬᠡᠳᠤᠯᠳᠠᠢ ᠬᠢᠨᠠᠨ ᠬᠠᠮᠢᠶᠠᠷᠬᠤ ᠠᠵᠢᠯ ᠤᠨ ᠠᠬᠢᠴᠠ ᠶᠢᠨ ᠲᠦᠰᠤᠯ》᠂ 《2017 ᠤᠨ ᠤ ᠦᠪᠡᠷᠳᠡᠬᠡᠨ ᠵᠠᠰᠠᠬᠤ ᠤᠷᠤᠨ ᠤ ᠪᠦᠬᠦ ᠲᠠᠯ᠎ᠠ ᠪᠠᠷ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠰᠤᠯ》 ᠢ ᠬᠢᠨᠠᠨ ᠵᠦᠪᠯᠠᠵᠤ ᠪᠠᠳᠤᠯᠠᠪᠠ᠃

    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠤᠬᠢᠷᠳᠤᠯ ᠦᠭᠡᠢ ᠮᠦᠩᠭᠦᠨ ᠭᠦᠢᠯᠭᠡᠭᠡᠨ ᠤ ᠰᠢᠰᠲ᠋ᠧᠮ ᠢ ᠡᠭᠦᠳᠦᠨ ᠪᠠᠶᠢᠭᠤᠯᠬᠤ ᠨᠢ ᠪᠤᠬᠢᠷᠳᠤᠯ ᠦᠭᠡᠢ ᠬᠦᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ᠃ ᠪᠤᠬᠢᠷᠳᠤᠯ ᠦᠭᠡᠢ ᠮᠦᠩᠭᠦᠨ ᠭᠦᠢᠯᠭᠡᠭᠡᠨ ᠤ ᠳᠦᠷᠢᠮ ᠤᠨ ᠳᠤᠬᠢᠷᠠᠭᠤᠯᠤᠯᠲᠠ ᠳᠤ ᠰᠢᠨ᠎ᠡ ᠶᠢ ᠡᠭᠦᠳᠴᠤ᠂ ᠮᠦᠩᠭᠦᠨ ᠭᠦᠢᠯᠭᠡᠭᠡ ᠶᠢᠨ ᠡᠬᠢ ᠰᠤᠷᠪᠤᠯᠵᠢ ᠶᠢᠨ ᠢᠵᠢ ᠳᠦᠬᠦᠷ ᠢ ᠰᠢᠯᠢᠳᠡᠭᠵᠢᠭᠦᠯᠵᠦ᠂ ᠪᠤᠬᠢᠷᠳᠤᠯ ᠦᠭᠡᠢ ᠮᠦᠩᠭᠦᠨ ᠭᠦᠢᠯᠭᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠪᠤᠬᠢᠷᠳᠤᠯ ᠦᠭᠡᠢ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠪᠤᠬᠢᠷᠳᠤᠯ ᠦᠭᠡᠢ ᠮᠦᠩᠭᠦᠨ ᠭᠦᠢᠯᠭᠡᠭᠡᠨ ᠤ ᠪᠦᠲᠦᠭᠡᠭᠳᠡᠭᠦᠨ ᠢ ᠢᠳᠡᠪᠬᠢᠲᠡᠢ ᠬᠦᠭᠵᠢᠭᠦᠯᠵᠦ᠂ ᠪᠤᠬᠢᠷᠳᠤᠯ ᠦᠭᠡᠢ ᠮᠦᠩᠭᠦᠨ ᠭᠦᠢᠯᠭᠡᠭᠡᠨ ᠤ ᠬᠦᠭᠵᠢᠯᠲᠡ ᠶᠢᠨ ᠪᠠᠶᠢᠭᠤᠯᠤᠮᠵᠢ ᠳᠤᠭᠲᠠᠴᠠ ᠶᠢ ᠲᠡᠭᠦᠯᠳᠡᠷᠵᠢᠭᠦᠯᠦᠨ ᠳᠡᠮᠵᠢᠵᠦ᠂ ᠮᠦᠩᠭᠦᠨ ᠭᠦᠯᠭᠡᠭᠡ ᠪᠠᠷ ᠳᠡᠮᠵᠢᠬᠦ ᠪᠠ ᠪᠤᠬᠢᠷᠳᠤᠯ ᠦᠭᠡᠢ ᠬᠡᠯᠪᠡᠷᠢ ᠬᠤᠪᠢᠷᠠᠭᠤᠯᠬᠤ ᠬᠠᠷᠢᠯᠴᠠᠨ ᠬᠦᠳᠡᠯᠦᠯᠴᠡᠭᠰᠡᠨ ᠬᠦᠭᠵᠢᠯᠲᠡ ᠶᠢᠨ ᠰᠢᠨ᠎ᠡ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠵᠡᠩᠨᠡᠯᠲᠡ ᠶᠢᠨ ᠴᠢᠨᠠᠷ ᠲᠠᠢ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠪᠤᠯ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠭᠤᠷᠢ ᠪᠠ ᠵᠠᠩᠭᠢᠯᠠᠭ᠎ᠠ ᠪᠤᠯᠤᠨ᠎ᠠ᠃ ᠶᠡᠭᠡ ᠲᠠᠯ᠎ᠠ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠴᠢᠩᠭᠠᠳᠬᠠᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠠᠬᠢᠭᠤᠯᠵᠤ᠂ ᠠᠵᠤ ᠠᠬᠤᠢᠢᠯᠠᠯ ᠤᠨ ᠠᠮᠢᠵᠢᠷᠠᠯ ᠤᠨ ᠬᠦᠴᠦ᠂ ᠪᠦᠲᠦᠭᠡᠯᠴᠢ ᠴᠢᠳᠠᠪᠤᠷᠢ ᠪᠠ ᠵᠠᠬ᠎ᠠ ᠳᠡᠯᠭᠡᠭᠦᠷ ᠤᠨ ᠦᠷᠢᠰᠦᠯᠳᠦᠬᠦ ᠴᠢᠳᠠᠪᠤᠷᠢ ᠶᠢ ᠤᠯᠠᠮ ᠴᠢᠨᠠᠭᠰᠢᠲᠠ ᠲᠠᠭᠠᠭᠤᠯᠬᠤ ᠬᠡᠷᠡᠭᠲᠡᠢ᠃ ᠦᠭᠡᠷᠡᠴᠢᠯᠡᠯᠲᠡ ᠬᠢᠬᠦ ᠳᠡᠰ ᠳᠠᠷᠠᠭ᠎ᠠ᠂ ᠬᠦᠭ ᠠᠶᠠᠰ᠂ ᠬᠦᠴᠦᠯᠡᠴᠡ ᠶᠢ ᠰᠠᠶᠢᠳᠤᠷ ᠠᠳᠬᠤᠵᠤ᠂ ᠦᠭᠡᠷᠡᠴᠢᠯᠡᠯᠲᠡ ᠶᠢᠨ ᠯᠠᠪᠳᠠᠭᠤᠨ ᠠᠬᠢᠭᠤᠯᠤᠭᠳᠠᠬᠤ ᠪᠠ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠦᠷᠲᠡᠭ ᠢ ᠪᠠᠲᠤᠯᠠᠨ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃

    ᠬᠤᠷᠠᠯ ᠠᠴᠠ ᠴᠢᠬᠤᠯᠠᠴᠢᠯᠠᠭᠰᠠᠨ ᠨᠢ᠂《ᠦᠭᠡᠷᠡᠴᠢᠯᠡᠯᠲᠡ ᠶᠢ ᠬᠠᠮᠢᠭ᠎ᠠ ᠬᠦᠷᠲᠡᠯ᠎ᠡ ᠠᠬᠢᠭᠤᠯᠪᠠᠯ᠂ ᠱᠠᠯᠠᠪᠳᠠᠭᠤᠯᠤᠨ ᠪᠠᠶᠢᠴᠠᠭᠠᠬᠤ ᠠᠵᠢᠯ ᠳᠠᠷᠤᠢ ᠲᠡᠨᠳᠡ ᠬᠦᠷᠲᠡᠯ᠎ᠡ ᠲᠠᠭᠠᠨ ᠤᠷᠤᠭᠰᠢᠯᠠᠬᠤ ᠬᠡᠷᠡᠭᠲᠡᠢ》 ᠭᠡᠬᠦ ᠵᠠᠷᠴᠢᠮ ᠢ ᠪᠠᠷᠢᠮᠲᠠᠯᠠᠵᠤ᠂ ᠵᠢᠯ ᠤᠨ 《ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠰᠦᠯ》 ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠡᠨ ᠱᠠᠯᠠᠪᠳᠠᠭᠤᠯᠤᠨ ᠦᠨᠡᠨ ᠪᠠᠶᠢᠴᠠᠭᠠᠬᠤ ᠪᠠᠷ ᠳᠠᠮᠵᠢᠨ ᠦᠨᠡᠨ ᠪᠠᠷᠢᠵᠤ ᠦᠨᠡᠨ ᠵᠠᠰᠠᠵᠤ᠂ ᠦᠭᠡᠷᠡᠴᠢᠯᠡᠯᠲᠡ ᠶᠢᠨ ᠡᠭᠦᠷᠭᠡ ᠬᠤᠭᠤᠰᠤᠨ ᠦᠭᠡᠢ᠂ ᠦᠭᠡᠷᠡᠴᠢᠯᠡᠯᠲᠡ ᠶᠢᠨ ᠠᠷᠭ᠎ᠠ ᠠᠪᠴᠠᠯ ᠬᠦᠩᠬᠡᠨ ᠬᠠᠭᠤᠮᠠᠭᠠᠢ ᠪᠠᠶᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ ᠬᠤᠷᠠᠯ ᠳᠤ᠂ ᠦᠪᠦᠷ ᠮᠤᠩᠭᠤᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠤ ᠶᠢ ᠨᠠᠶᠢᠷᠠᠭᠤᠯᠤᠨ ᠵᠤᠬᠢᠶᠠᠭᠰᠠᠨ ᠪᠠᠶᠢᠳᠠᠯ ᠪᠠ ᠮᠠᠨᠵᠤᠤᠷ᠂ ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠬᠦ ᠨᠡᠭᠡᠭᠡᠯᠲᠡ ᠲᠠᠢ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠦᠯᠢᠶᠡᠨ ᠠᠪᠴᠤ ᠰᠤᠨᠤᠰᠴᠠᠢ᠃

    ᠬᠤᠷᠠᠯ ᠠᠴᠠ ᠱᠠᠭᠠᠷᠳᠠᠭᠰᠠᠨ ᠨᠢ᠂ ᠭᠤᠤᠯ ᠪᠠᠶᠢᠭᠠᠯᠢ ᠶᠢᠨ ᠡᠬᠢ ᠪᠠᠶᠠᠯᠢᠭ ᠤᠨ ᠪᠤᠲᠠᠰ ᠤᠨ ᠬᠡᠮᠵᠢᠶᠡᠨ ᠤ ᠬᠤᠪᠢᠷᠠᠯᠲᠠ ᠶᠢᠨ ᠬᠦᠰᠦᠨᠦᠭᠲᠤ ᠶᠢᠨ ᠰᠠᠭᠤᠷᠢᠨ ᠳᠡᠭᠡᠷ᠎ᠡ᠂ ᠨᠡᠩ ᠤᠯᠠᠨ ᠪᠠᠶᠢᠭᠠᠯᠢ ᠶᠢᠨ ᠡᠬᠢ ᠪᠠᠶᠠᠯᠢᠭ ᠤᠨ ᠲᠦᠷᠦᠯ ᠵᠦᠢᠯ᠂ ᠶᠠᠰᠤ ᠴᠢᠨᠠᠷ᠂ ᠦᠨ᠎ᠡ ᠦᠷᠲᠡᠭ ᠤᠨ ᠲᠤᠭ᠎ᠠ ᠪᠦᠷᠢᠳᠬᠡᠯ ᠪᠠ ᠬᠠᠶᠢᠨ ᠰᠦᠪᠡᠭᠴᠢᠯᠡᠯᠲᠡ ᠶᠢ ᠰᠦᠪᠡᠭᠴᠢᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠤᠭ᠎ᠠ ᠪᠠᠷᠢᠮᠲᠠ ᠶᠢᠨ ᠪᠦᠬᠦ ᠲᠠᠯ᠎ᠠ ᠶᠢᠨ ᠴᠢᠨᠠᠷ᠂ ᠡᠷᠬᠡ ᠰᠦᠷᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠬᠦ ᠭᠡᠷᠡᠭᠳᠠᠢ᠃ ᠪᠤᠳᠠᠰ ᠤᠨ ᠬᠡᠮᠵᠢᠶᠠᠨ ᠤ ᠬᠤᠪᠢᠷᠠᠯᠲᠠ ᠶᠢᠨ ᠬᠦᠰᠦᠨᠦᠭᠲᠦ ᠪᠠᠷ ᠭᠤᠤᠯ ᠡᠰᠢ ᠪᠠᠷᠢᠮᠲᠠ ᠪᠤᠯᠭᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠲᠤᠬᠠᠢ ᠤᠳᠤᠷᠢᠳᠬᠤ ᠺᠠᠳ᠋ᠷ ᠤᠨ ᠲᠤᠰᠢᠶᠠᠯ ᠠᠴᠠ ᠰᠠᠯᠤᠭᠰᠠᠨ ᠤ ᠳᠠᠷᠠᠭᠠᠬᠢ ᠬᠢᠨᠠᠨ ᠪᠤᠳᠤᠬᠤ ᠪᠤᠯᠤᠨ ᠠᠮᠢ ᠠᠬᠤᠢ ᠤᠷᠴᠢᠨ ᠲᠤᠭᠤᠷᠢᠨ ᠤ ᠬᠤᠬᠢᠷᠠᠯ ᠤᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠢ ᠨᠡᠬᠡᠮᠵᠢᠯᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠬᠦᠭᠵᠢᠯᠲᠠ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠶᠢ ᠠᠬᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠲᠦᠯᠬᠢᠨ ᠠᠭᠢᠭᠤᠯᠬᠤ ᠬᠡᠷᠡᠭᠲᠡᠢ᠃ ᠪᠤᠳᠠᠰ ᠤᠨ ᠬᠡᠮᠵᠢᠶ᠎ᠠ ᠠᠴᠠ ᠦᠷᠲᠡᠭ ᠤᠨ ᠬᠡᠮᠵᠢᠶ᠎ᠠ ᠲᠡᠰᠢ ᠬᠤᠪᠢᠷᠠᠭᠤᠯᠬᠤ ᠰᠠᠭᠤᠷᠢ ᠠᠵᠢᠯ ᠢ ᠰᠠᠶᠢᠲᠤᠷ ᠬᠢᠵᠤ᠂ ᠪᠦᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠶᠢᠨ ᠬᠦᠰᠦᠨᠦᠭ ᠢ ᠨᠠᠶᠢᠷᠠᠭᠤᠯᠤᠨ ᠵᠤᠬᠢᠶᠠᠬᠤ ᠳᠤ《ᠦᠪᠦᠷ ᠮᠤᠩᠭᠤᠯ ᠤᠨ ᠲᠦᠰᠦᠯ》 ᠢ ᠬᠠᠩᠭᠠᠬᠤ ᠬᠡᠷᠡᠭᠲᠡᠢ ᠭᠡᠵᠠᠢ᠃

    ᠬᠤᠷᠠᠯ ᠠᠴᠠ ᠱᠠᠭᠠᠷᠳᠠᠭᠰᠠᠨ ᠨᠢ᠂ ᠬᠤᠶᠠᠷ ᠲᠤᠷᠰᠢᠯᠲᠠ ᠶᠢᠨ ᠤᠷᠤᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠲᠠ ᠶᠢ ᠤᠯᠠᠮ ᠴᠢᠨᠠᠭᠰᠢᠳᠠ ᠳᠤᠳᠤᠷᠬᠠᠢᠢᠯᠠᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠠᠵᠠ ᠳᠤᠬᠢᠶᠠᠯ ᠢ ᠠᠳᠬᠤᠵᠤ᠂ ᠵᠤᠷᠢᠭᠲᠠᠢ ᠪᠠᠷ ᠰᠦᠪᠡᠭᠴᠢᠯᠡᠨ᠂ ᠪᠠᠭᠠᠲᠤᠷᠯᠢᠭ ᠢᠶᠠᠷ ᠰᠢᠪᠲᠤᠯᠤᠯᠲᠠ ᠭᠠᠷᠭᠠᠵᠤ᠂ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠨᠡᠩ ᠤᠯᠠᠨ ᠪᠤᠳᠠᠳᠦ ᠴᠢᠨᠠᠷᠲᠠᠢ ᠦᠷ᠎ᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠬᠠᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠷᠰᠢᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠳᠤ ᠤᠯᠠᠨ ᠲᠠᠯ᠎ᠠ ᠠᠴᠠ ᠳᠡᠮᠵᠢᠯᠭᠡ ᠪᠠ ᠬᠠᠪᠰᠤᠷᠤᠯᠭ᠎ᠠ ᠦᠵᠡᠭᠦᠯᠵᠤ᠂ ᠲᠤᠷᠰᠢᠯᠲᠠ ᠶᠢᠨ ᠤᠷᠤᠨ ᠤ ᠬᠦᠭᠵᠢᠯᠲᠠ ᠳᠤ ᠰᠠᠶᠢᠨ ᠰᠠᠶᠢᠬᠠᠨ ᠤᠷᠴᠢᠨ ᠪᠤᠢ ᠪᠤᠯᠭᠠᠵᠤ ᠦᠭᠬᠦ ᠬᠡᠷᠡᠭᠲᠡᠢ ᠭᠡᠪᠡ᠃

    ᠬᠤᠷᠠᠯ ᠠᠴᠠ ᠱᠠᠭᠠᠷᠳᠠᠭᠰᠠᠨ ᠨᠢ᠂ ᠡᠯ᠎ᠠ ᠲᠤᠰᠬᠠᠢ ᠠᠵᠢᠯ ᠤᠨ ᠪᠠᠭ ᠤᠨ ᠤ ᠠᠵᠢᠯ ᠤᠨ ᠱᠠᠭᠠᠷᠳᠠᠯᠭ᠎ᠠ ᠶᠤᠰᠤᠭᠠᠷ ᠲᠤᠰ ᠬᠦᠷᠢᠶ᠎ᠠ ᠶᠢᠨ ᠢᠶᠠᠨ ᠦᠭᠡᠷᠡᠴᠢᠯᠡᠯᠲᠡ ᠶᠢᠨ ᠡᠬᠡ ᠳᠠᠩᠰᠠ ᠶᠢ ᠲᠦᠷᠭᠡᠨ ᠪᠠᠶᠢᠭᠤᠯᠵᠤ᠂ ᠵᠤᠷᠪᠤᠰ ᠪᠦᠷᠢ ᠶᠢᠨ ᠪᠤᠳᠠᠳᠠᠢ ᠡᠭᠦᠷᠭᠡ ᠪᠤᠯᠤᠨ ᠬᠠᠷᠢᠭᠤᠴᠠᠯᠭ᠎ᠠ ᠶᠢᠨ ᠭᠤᠤᠯ ᠴᠤᠭᠴᠠ ᠶᠢ ᠳᠤᠳᠤᠷᠬᠠᠢᠢᠯᠠᠵᠤ᠂ ᠰᠢᠯᠭᠠᠨ ᠪᠠᠶᠢᠴᠠᠭᠠᠵᠤ ᠪᠤᠯᠬᠤᠢᠢᠴᠠ ᠦᠷ᠎ᠠ ᠪᠦᠲᠦᠮᠵᠢ ᠶᠢᠨ ᠬᠡᠯᠪᠡᠷᠢ ᠪᠤᠯᠤᠨ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠠᠬᠢᠴᠠ ᠶᠢ ᠨᠢᠭᠡᠳᠦᠯᠲᠠᠢ ᠲᠦᠯᠦᠪᠵᠢᠭᠦᠯᠬᠦ᠂ ᠶᠠᠰᠤ ᠴᠢᠨᠠᠷ ᠢ ᠨᠢᠭᠡᠳᠦᠯᠲᠠᠢ ᠲᠦᠯᠦᠪᠵᠢᠭᠦᠯᠬᠦ ᠪᠤᠯᠤᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠠᠢ ᠲᠦᠯᠦᠪᠵᠢᠭᠦᠯᠬᠦ ᠶᠢ ᠴᠢᠩᠭᠠᠳᠬᠠᠬᠤ ᠬᠡᠷᠡᠭᠲᠡᠢ᠃ ᠡᠯ᠎ᠠ ᠳᠠᠭᠠᠭᠤᠯᠤᠭᠴᠢ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠦᠬᠦᠷ ᠦᠪᠡᠷ ᠤᠨ ᠪᠡᠶ᠎ᠠ ᠪᠠᠷ ᠢᠶᠠᠨ ᠪᠠᠶᠢᠴᠠᠭᠠᠨ ᠰᠤᠳᠤᠯᠤᠯᠲᠠ ᠶᠢ ᠠᠳᠬᠤᠵᠤ᠂ ᠲᠦᠰᠦᠯ ᠲᠤᠭᠳᠠᠭᠠᠬᠤ ᠶᠢ ᠠᠳᠬᠤᠵᠤ᠂ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠠᠳᠬᠤᠵᠤ᠂ ᠡᠯ᠎ᠠ ᠵᠦᠢᠯ ᠤᠨ ᠦᠭᠡᠷᠡᠴᠢᠯᠡᠯᠲᠡ ᠶᠢᠨ ᠡᠭᠦᠷᠭᠡ ᠶᠢᠨ ᠪᠤᠳᠠᠳᠠᠢ ᠳᠤ ᠨᠠᠶᠢᠳᠠᠪᠤᠷᠢᠵᠢᠬᠤ ᠶᠢ ᠪᠠᠲᠤᠯᠠᠬᠤ ᠬᠡᠷᠡᠭᠲᠡᠢ᠃ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠦᠭᠡᠷᠡᠴᠢᠯᠡᠯᠲᠡ ᠶᠢᠨ ᠡᠭᠦᠷᠭᠡ ᠪᠤᠯᠤᠨ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠦᠭᠡᠷᠡᠴᠢᠯᠡᠯᠲᠡ ᠶᠢᠨ ᠡᠭᠦᠷᠭᠡ ᠶᠢᠨ ᠡᠬᠡ ᠳᠠᠩᠰᠠ ᠳᠤ ᠲᠤᠭᠳᠠᠭᠠᠭᠰᠠᠨ ᠦᠭᠡᠷᠡᠴᠢᠯᠡᠯᠲᠡ ᠶᠢᠨ ᠵᠦᠢᠯᠡᠰ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠳᠤᠪᠤᠶᠢᠮ᠎ᠠ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠦᠷᠢᠶ᠎ᠠ ᠶᠢᠨ ᠰᠢᠪᠲᠤᠯᠤᠯᠲᠠ ᠪᠠᠷ ᠪᠦᠬᠦ᠋ᠢᠯᠡ ᠠᠵᠢᠯ ᠤᠨ ᠠᠬᠢᠴᠠ ᠶᠢ ᠳᠠᠶᠢᠴᠢᠯᠠᠬᠤ ᠬᠡᠷᠡᠭᠲᠡᠢ᠃ ᠦᠨᠳᠦᠰᠦᠨ ᠱᠠᠳᠤᠨ ᠤ ᠦᠭᠡᠷᠡᠴᠢᠯᠡᠯᠲᠡ ᠬᠢᠵᠤ ᠰᠢᠨ᠎ᠠ ᠶᠢ ᠡᠭᠦᠳᠬᠦ ᠶᠢ ᠳᠡᠮᠵᠢᠵᠤ᠂ ᠦᠭᠡᠷᠡᠴᠢᠯᠡᠯᠲᠡ ᠶᠢᠨ ᠨᠡᠩ ᠤᠨᠤᠪᠴᠢᠲᠠᠢ ᠪᠠᠷ ᠪᠤᠳᠠᠳᠠᠢ ᠳᠤ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ ᠭᠡᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120417201