蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠳᠡᠮᠳᠡᠭᠯᠡᠬᠦ ᠠᠵᠢᠯᠯᠠᠭᠠᠨ ᠤ ᠪᠡᠯᠡᠳᠭᠡᠯ ᠠᠵᠢᠯ ᠢ ᠪᠠᠶᠢᠴᠠᠭᠠᠨ ᠰᠤᠳᠤᠯᠪᠠ

2017-02-07 11:39

    2 ᠰᠠᠷ᠎ᠠ ᠶᠢᠨ 6 ᠤ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠳᠡᠮᠳᠡᠭᠯᠡᠬᠦ ᠠᠵᠢᠯᠯᠠᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃

    ᠪᠦ᠋ ᠰᠢᠶᠤᠤ ᠯᠢᠨ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠳᠡᠮᠳᠡᠭᠯᠡᠬᠦ ᠭᠤᠤᠯ ᠲᠠᠯᠠᠪᠠᠢ ᠤᠷᠳᠤᠨ ᠤ ᠪᠦᠳᠤᠬᠡᠨ ᠪᠠᠶᠢᠭᠤᠯᠤᠯᠳᠠ ᠶᠢᠨ ᠪᠠᠶᠢᠳᠠᠯ ᠢ ᠭᠠᠵᠠᠷ ᠳᠡᠬᠡᠷ᠎ᠡ ᠨᠢ ᠰᠢᠯᠭᠠᠵᠤ᠂ ᠬᠦᠬᠡᠬᠤᠳᠠ ᠶᠢᠨ ᠠᠵᠢᠯᠯᠠᠭ᠎ᠠ ᠶᠢᠨ ᠪᠠᠭ᠂ ᠰᠤᠶᠤᠯ ᠤᠨ ᠤᠬᠠᠭᠤᠯᠭ᠎ᠠ ᠶᠢᠨ ᠪᠠᠭ ᠵᠡᠷᠬᠡ ᠠᠵᠢᠯᠯᠠᠭ᠎ᠠ ᠶᠢᠨ ᠠᠵᠢᠯ ᠤᠨ ᠪᠠᠶᠢᠭᠤᠯᠤᠮᠵᠢ ᠶᠢᠨ ᠬᠤᠯᠪᠤᠬᠳᠠᠯ ᠪᠦᠬᠦᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ ᠲᠠᠯᠠᠪᠠᠢ ᠤᠷᠳᠤᠨ ᠤ ᠪᠠᠷᠢᠯᠭ᠎ᠠ᠂ ᠤᠷᠠᠨ ᠰᠠᠶᠢᠬᠠᠨ ᠤ ᠦᠳᠡᠰᠢᠯᠡᠭᠡ ᠶᠢᠨ ᠪᠤᠯᠪᠠᠰᠤᠷᠠᠯ᠂ 70 ᠵᠢᠯ ᠤᠨ ᠤᠢ ᠶᠢᠨ ᠦᠷ᠎ᠠ ᠪᠦᠳᠤᠬᠡᠯ ᠤᠨ ᠦᠵᠡᠬᠦᠯᠤᠯᠬᠡ ᠶᠢᠨ ᠵᠢᠷᠤᠬ ᠲᠦᠯᠤᠪᠯᠡᠭᠡ᠂ ᠤᠯᠠᠨ ᠲᠦᠮᠡᠨ ᠤ ᠰᠤᠶᠤᠯ ᠲᠠᠮᠢᠷ ᠤᠨ ᠬᠦᠳᠡᠯᠬᠡᠬᠡᠨ ᠢ ᠵᠤᠬᠢᠶᠠᠨ ᠪᠠᠶᠢᠭᠤᠯᠤᠬᠰᠠᠨ ᠵᠡᠷᠬᠡ ᠪᠠᠶᠢᠳᠠᠯ ᠢ ᠨᠠᠷᠢᠨ ᠨᠢᠬᠳᠠ ᠯᠠᠪᠯᠠᠨ ᠠᠰᠠᠭᠤᠵᠤ᠂ ᠪᠡᠯᠡᠳᠬᠡᠯ ᠠᠵᠢᠯ ᠳᠤ ᠲᠤᠯᠭᠠᠷᠬᠰᠠᠨ ᠪᠤᠳᠠᠳᠠᠢ ᠠᠰᠠᠭᠤᠳᠠᠯ ᠳᠤ ᠵᠢᠯᠤᠭᠤᠳᠬᠤ ᠰᠠᠨᠠᠯ ᠲᠤᠷᠠᠳᠴᠠᠢ᠃

    ᠪᠦ᠋ ᠰᠢᠶᠤᠤ ᠯᠢᠨ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠲᠤᠷᠰᠢ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠪᠤᠯᠤᠨ ᠬᠠᠯᠠᠮᠵᠢᠯᠠᠯ ᠲᠤᠤᠷ᠎ᠠ ᠤᠷᠤᠨ ᠲᠠᠶᠠᠭᠠᠷ ᠤᠨ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠨᠢᠬᠡ ᠰᠡᠳᠬᠢᠯ ᠨᠢᠬᠡ ᠵᠤᠷᠢᠬ ᠢᠶᠠᠷ ᠴᠦᠬᠦᠷᠡᠰᠢ ᠦᠬᠡᠢ ᠲᠡᠮᠡᠴᠡᠵᠤ᠂ ᠡᠳ᠋ ᠤᠨ ᠵᠠᠰᠠᠭ ᠤᠨ ᠬᠦᠭᠵᠢᠯᠳᠠ᠂ ᠰᠤᠶᠤᠯ ᠤᠨ ᠴᠡᠴᠡᠭᠯᠠᠯ ᠬᠦᠭᠵᠢᠯ᠂ ᠨᠡᠶᠢᠬᠡᠮ ᠤᠨ ᠡᠶ᠎ᠡ ᠵᠤᠬᠢᠴᠠᠩᠭᠤᠢ᠂ ᠬᠢᠯᠢ ᠬᠢᠵᠠᠭᠠᠷ ᠤᠷᠤᠨ ᠤ ᠠᠮᠤᠷ ᠠᠮᠤᠭᠤᠯᠠᠩ᠂ ᠦᠨᠳᠤᠰᠤᠳᠠᠨ ᠨᠦᠭᠦᠳ ᠤᠨ ᠢᠷᠬᠡᠳ ᠤᠨ ᠵᠤᠯ ᠵᠢᠷᠭᠠᠯᠳᠤ ᠠᠮᠢᠳᠤᠷᠠᠯ ᠤᠨ ᠶᠡᠭᠡ ᠰᠠᠶᠢᠨ ᠪᠠᠶᠢᠳᠠᠯ ᠢ ᠨᠡᠬᠡᠬᠡᠨ ᠡᠬᠦᠳᠦᠭᠰᠡᠨ ᠪᠠᠶᠢᠨ᠎ᠠ᠃ ᠦᠪᠡᠷᠲᠡᠭᠡᠡ ᠵᠠᠰᠠᠬᠤ ᠤᠷᠤᠨ ᠪᠠᠶᠢᠭᠤᠯᠤᠭᠲᠠᠭᠰᠠᠠ 70 ᠵᠢᠯ ᠤᠨ ᠤᠢ ᠶᠢ ᠦᠪᠡᠲᠡᠭᠰᠢ ᠳᠡᠮᠳᠡᠭᠯᠡᠬᠦ ᠨᠢ ᠶᠡᠷᠦᠩᠭᠡᠢ ᠱᠦᠵᠢ ᠰᠢ ᠶᠢᠨ ᠫᠢᠩ ᠤᠨ ᠴᠤᠪᠤᠷᠠᠯ ᠴᠢᠬᠤᠯᠠ ᠶᠠᠷᠢᠶ᠎ᠠ ᠪᠤᠯᠤᠨ ᠲᠦᠷᠦ ᠶᠢ ᠵᠠᠰᠠᠵᠦ ᠵᠠᠰᠠᠭ ᠢ ᠡᠷᠬᠢᠯᠡᠬᠦ ᠰᠢᠨ᠎ᠠ ᠤᠢᠢᠯᠠᠭᠠᠭᠲᠠᠬᠤᠨ ᠰᠢᠨ᠎ᠠ ᠦᠵᠡᠯ ᠰᠠᠨᠠᠭ᠎ᠠ ᠰᠢᠨ᠎ᠡ ᠪᠠᠶᠢᠯᠲᠤᠬᠤ ᠪᠤᠲᠤᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠠ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠠ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠦ᠂ ᠨᠠᠮ ᠤᠨ ᠦᠨᠲᠦᠰᠦᠲᠡᠡ ᠤ ᠲᠦᠷᠦ ᠶᠢᠨ ᠪᠤᠲᠤᠯᠭ᠎ᠠ ᠪᠤᠯᠤᠨ ᠦᠨᠲᠦᠰᠦᠲᠡᠡ ᠤ ᠤᠷᠤᠨ ᠤ ᠦᠪᠡᠷᠲᠡᠭᠡᠡ ᠵᠠᠰᠠᠬᠤ ᠲᠦᠷᠢᠮ ᠤᠨ ᠦᠪᠦᠷ ᠮᠤᠩᠭᠤᠯ ᠳᠠᠬᠢ ᠠᠤᠭ᠎ᠠ ᠶᠡᠭᠡ ᠦᠢᠯᠡᠲᠦᠯᠭᠡ ᠶᠢ ᠤᠬᠠᠭᠤᠯᠤᠨ ᠬᠠᠷᠠᠭᠤᠯᠵᠦ᠂ ᠮᠠᠠ ᠤ ᠤᠷᠤᠨ ᠤ ᠦᠨᠲᠦᠰᠦᠲᠠᠠ ᠤ ᠪᠦᠯᠬᠦᠮᠲᠡᠯ ᠲᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠤᠭᠲᠠᠯ ᠲᠠᠢ ᠶᠤᠮ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠪᠠᠴᠢᠮ ᠲᠤᠯᠭᠠᠮ᠎ᠠ ᠰᠡᠳᠭᠢᠯᠭᠡ ᠪᠤᠯᠤᠨ ᠬᠠᠷᠢᠭᠤᠴᠠᠯᠭᠠᠲᠦ ᠰᠡᠳᠭᠢᠯᠭᠡ ᠪᠠᠨ ᠴᠢᠨᠠᠭᠰᠢᠲᠠ ᠴᠢᠩᠭᠠᠳᠬᠠᠵᠦ᠂ ᠰᠡᠳᠭᠢᠯ ᠢᠶᠠᠨ ᠨᠢᠭᠲᠠᠷᠠᠭᠤᠯᠤᠨ ᠬᠦᠴᠤᠨ ᠢᠶᠠᠨ ᠲᠦᠪᠯᠡᠷᠡᠭᠦᠯᠵᠦ᠂ ᠵᠤᠷᠢᠠᠠᠲᠠᠢ ᠡᠬᠦᠷᠭᠡᠯᠡᠡ ᠠᠵᠢᠯᠯᠠᠵᠦ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠤ ᠪᠠᠶᠢᠷᠢᠯᠠᠭᠤᠯᠤᠯᠲᠠ ᠪᠤᠯᠤᠨ ᠱᠠᠭᠠᠷᠲᠠᠯᠭ᠎ᠠ ᠶᠤᠰᠤᠭᠠᠷ᠂ ᠠᠵᠢᠯ ᠤᠨ ᠭᠤᠤᠯᠲᠠᠯᠭ᠎ᠠ ᠪᠠᠨ ᠲᠤᠪᠤᠶᠢᠯᠭᠠᠠ ᠠᠵᠢᠯ ᠤᠨ ᠠᠬᠢᠴᠠ ᠪᠠᠨ ᠲᠦᠷᠭᠡᠳᠭᠡᠵᠦ᠂ ᠪᠦᠬᠦ ᠬᠦᠴᠤᠨ ᠢᠶᠠᠷ ᠢᠶᠠᠨ ᠡᠯ᠎ᠠ ᠵᠦᠢᠯ ᠤᠨ ᠪᠡᠯᠡᠳᠭᠡᠯ ᠠᠵᠢᠯ ᠢ ᠰᠠᠶᠢᠲᠤᠷ ᠬᠢᠵᠦ᠂ ᠦᠪᠡᠷᠲᠡᠭᠡᠡ ᠵᠠᠰᠠᠬᠤ ᠤᠷᠤᠨ ᠪᠠᠶᠢᠭᠤᠯᠤᠭᠲᠠᠭᠰᠠᠠ 70 ᠵᠢᠯ ᠤᠨ ᠤᠢ ᠶᠢ ᠳᠡᠮᠳᠡᠭᠯᠡᠬᠦ ᠠᠵᠢᠯᠯᠠᠭ᠎ᠠ ᠶᠢ ᠲᠡᠭᠦᠰ ᠠᠮᠵᠢᠯᠲᠠ ᠲᠠᠢ ᠡᠷᠬᠢᠯᠡᠬᠦ ᠶᠢ ᠪᠠᠲᠤᠯᠠᠬᠤ ᠭᠡᠷᠡᠭᠲᠡᠢ ᠬᠡᠪᠡ᠃

    ᠦᠪᠦᠷ ᠮᠤᠩᠭ᠋ᠤᠯ ᠤᠨ ᠦᠪᠡᠷᠲᠡᠭᠡᠡ ᠵᠠᠰᠠᠬᠤ ᠤᠷᠤᠨ ᠤ ᠤᠲᠤᠷᠢᠲᠤᠯᠭ᠎ᠠ ᠯᠢ ᠵᠢᠶᠠ᠂ ᠶᠦᠨ ᠭᠤᠸᠠᠩ ᠵᠦᠩ᠂ ᠪᠠᠢ ᠢᠤᠢ ᠭᠠᠩ ᠬᠠᠮᠲᠤ ᠪᠠᠶᠢᠴᠠᠭᠠᠠ ᠰᠤᠲᠤᠯᠤᠯᠲᠠ ᠬᠢᠵᠠᠢ᠃

ᠢᠷᠡᠯᠳᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
关闭
010070230030000000000000011120701120424279