蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ ᠤᠯᠠᠭᠠᠨᠴᠠᠪ ᠬᠤᠳᠠ ᠳ᠋ᠤ ᠪᠠᠢᠢᠴᠠᠭᠠᠨ ᠰᠤᠳᠤᠯᠤᠯᠳᠡ ᠬᠢᠪᠡ

2017-02-08 10:11

    2 ᠰᠠᠷ᠎ᠠ ᠶᠢᠨ 5 ᠡᠴᠡ 7 ᠤ ᠡᠳᠤᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠢᠢᠨ ᠱᠦᠵᠢ ᠯᠢ ᠵᠢᠢ ᠡᡁᠧᠩ ᠤᠯᠠᠭᠠᠨᠴᠠᠪ ᠬᠤᠳᠠ ᠳ᠋ᠤ ᠪᠠᠢᠢᠴᠠᠭᠠᠨ ᠰᠤᠳᠤᠯᠤᠯᠳᠡ ᠬᠢᠪᠡ᠃ ᠲᠠᠷᠡ᠂ ᠶᠡᠷᠤᠩᠬᠡᠢ ᠱᠦᠵᠢ ᠰᠢ ᠵᠢᠨ ᠫᠢᠩ ᠤᠨ ᠶᠠᠳᠠᠭᠤ ᠢᠢ ᠲᠡᠳᠬᠦᠵᠥ ᠨᠡᠬᠡᠬᠡᠨ ᠬᠦᠭᠵᠢᠬᠦᠯᠬᠦ ᠪᠠᠢᠢᠯᠳᠤᠬᠤ ᠪᠤᠳᠤᠯᠭ᠎ᠠ ᠢᠢᠨ ᠦᠵᠡᠯ ᠰᠠᠨᠠᠭ᠎ᠠ ᠢᠢ ᠬᠦᠨᠵᠡᠬᠡᠢ ᠲᠤᠤᠱᠯᠠᠭᠤᠯᠵᠥ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠢᠢᠨ ᠨᠡᠮ ᠤᠨ ᠲᠦᠯᠥᠭᠡᠯᠡᠭᠴᠢᠳ ᠤᠨ ᠶᠡᠬᠡ ᠬᠤᠷᠠᠯ ᠤᠨ ᠵᠤᠷᠢᠭ ᠰᠠᠨᠠᠭ᠎ᠠ ᠢᠢ ᠪᠦᠬᠦ ᠲᠠᠯ᠎ᠠ ᠪᠡᠷ ᠨᠠᠢᠢᠳᠠᠪᠤᠷᠢᠵᠢᠭᠤᠯᠵᠥ᠂ ᠨᠡᠩ ᠶᠡᠬᠡ ᠢᠳᠡᠬᠡᠯ ᠵᠤᠷᠢᠭ ᠪᠤᠯᠤᠨ ᠰᠦᠷ ᠬᠦᠴᠦᠨ ᠢᠶᠡᠷ᠂ ᠨᠡᠩ ᠴᠢᠩᠭ᠎ᠠ ᠠᠷᠭ᠎ᠠ ᠤᠬᠠᠭᠠᠨ ᠢᠶᠡᠷ ᠶᠠᠳᠠᠭᠤ ᠡᠴᠡ ᠠᠩᠬᠢᠵᠢᠷᠠᠭᠤᠯᠬᠤ ᠪᠤᠭᠤᠮ᠋ᠳᠠ ᠰᠢᠪᠳᠤᠯᠬᠤ ᠲᠠᠢᠢᠯᠠᠯᠳᠤᠭᠠᠨ ᠤ ᠢᠯᠠᠯᠳᠠ ᠢᠢ ᠵᠠᠪᠠᠯ ᠤᠯᠵᠥ᠂ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠢᠢᠳᠤᠷ ᠬᠢᠵᠥ᠂ ᠶᠠᠳᠠᠭᠤ ᠡᠴᠡ ᠠᠩᠬᠢᠵᠢᠷᠠᠭᠤᠯᠬᠤ ᠪᠤᠭᠤᠮ᠋ᠳᠠ ᠰᠢᠪᠳᠤᠯᠬᠤ ᠪᠤᠯᠤᠨ ᠡᠳ᠋ ᠤᠨ ᠵᠠᠰᠠᠭ ᠨᠡᠢᠢᠭᠡᠮ ᠤᠨ ᠬᠦᠭᠵᠢᠯᠳᠡ ᠢᠢᠨ ᠰᠢᠨ᠎ᠡ ᠢᠯᠠᠯᠳᠡ ᠢᠢ ᠲᠠᠰᠤᠷᠠᠯᠳᠡ ᠦᠭᠡᠢ ᠲᠡᠮ᠋ᠡᠴᠡᠨ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃

    ᠴᠠᠭᠠᠨ ᠰᠠᠷ᠎ᠠ ᠢᠢᠨ ᠪᠠᠶᠠᠷ ᠪᠠᠬᠠᠳᠤᠯ ᠤᠨ ᠲᠤᠮ᠋ᠳᠠ᠂ ᠯᠢ ᠵᠢᠢ ᠡᠾᠧᠩ ᠲᠦᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠲᠤᠮ᠋ᠳᠠᠳᠤ ᠬᠤᠰᠢᠭᠤ ᠪᠤᠯᠤᠨ ᠵᠢᠨᠢᠩ ᠲᠤᠭᠤᠷᠢᠭ ᠲᠥ ᠬᠦᠨᠵᠡᠬᠡᠢᠢᠷᠡᠨ ᠬᠦᠴᠢᠷᠳᠡᠯᠳᠡᠢ ᠤᠯᠠᠨ ᠲᠦᠮ᠋ᠡᠨ ᠢ ᠡᠷᠬᠢᠨ ᠦᠵᠡᠵᠥ ᠳᠤᠬᠤᠨᠢᠭᠤᠯᠤᠨ᠂ ᠶᠠᠳᠠᠭᠤ ᠡᠴᠡ ᠠᠩᠬᠢᠵᠢᠷᠠᠭᠤᠯᠬᠤ᠂ ᠪᠤᠭᠤᠮ᠋ᠳᠠ ᠰᠢᠪᠳᠤᠯᠬᠤ᠂ ᠠᠵᠥ ᠦᠢᠯᠡᠰ ᠤᠨ ᠬᠦᠭᠵᠢᠯᠳᠡ᠂ ᠠᠵᠥ ᠦᠢᠯᠡᠳᠪᠤᠷᠢ ᠢᠢᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠢᠢᠭᠤᠯᠤᠯᠳᠠ᠂ ᠳᠡᠳ᠋ ᠪᠦᠳᠦᠴᠡ ᠶᠢᠨ ᠪᠦᠳᠦᠭᠡᠨ ᠪᠠᠢᠢᠭᠤᠯᠤᠯᠳᠠ᠂ ᠨᠡᠢᠢᠭᠡᠮ ᠤᠨ ᠵᠦᠷᠢᠴᠡᠯ ᠢ ᠪᠠᠢᠢᠴᠠᠭᠠᠨ ᠨᠠᠮ᠋ᠳᠠᠭᠤᠯᠬᠤ ᠪᠡ ᠦᠨᠳᠦᠰᠦᠨ ᠱᠠᠳᠤᠨ ᠤ ᠵᠤᠬᠢᠶᠠᠨ ᠪᠠᠢᠢᠭᠤᠯᠤᠯᠳᠠ ᠢᠢᠨ ᠴᠤᠭᠴᠠᠯᠠᠯᠳᠡ ᠵᠡᠷᠬᠡ ᠪᠠᠢᠢᠳᠠᠯ ᠳ᠋ᠤ ᠪᠠᠢᠢᠴᠠᠭᠠᠨ ᠰᠤᠳᠤᠯᠤᠯᠳᠡ ᠬᠢᠪᠡ᠃

    ᠳᠦᠷᠪᠡᠳ ᠬᠤᠰᠢᠭᠤ ᠪᠤᠯ ᠤᠯᠤᠰ ᠤᠨ ᠵᠡᠷᠬᠡᠯᠡᠯ ᠤᠨ ᠶᠠᠳᠠᠭᠤ ᠬᠦᠴᠢᠷᠳᠡᠯᠲᠠᠢ ᠬᠤᠰᠢᠭᠤ ᠪᠠᠢᠢᠵᠤ᠂ ᠴᠠᠭᠠᠨ ᠰᠠᠷ᠎ᠠ ᠳᠤ ᠶᠠᠳᠠᠭᠤ ᠬᠦᠴᠢᠷᠳᠡᠯᠲᠠᠢ ᠤᠯᠠᠨ ᠲᠦᠮ᠋ᠡᠨ ᠤ ᠠᠮ᠋ᠢᠳᠤᠷᠠᠯ ᠶᠠᠮ᠋ᠠᠷ ᠪᠠᠢᠢᠳᠠᠭ ᠳᠤᠬᠠᠢ ᠯᠢ ᠵᠢᠢ ᠡᠾᠧᠩ ᠲᠦᠢᠯ ᠢᠶᠡᠷ ᠰᠠᠨᠠᠭᠠᠰᠢᠷᠠᠵᠤ ᠪᠠᠢᠢᠪᠠ᠃ ᠲᠡᠷᠡ ᠤᠷᠢᠳ ᠬᠤᠵᠢᠳ ᠵᠡᠭᠦᠨ ᠨᠠᠶ᠋ᠮ᠋ᠠᠳᠤᠭᠠᠷ ᠰᠢᠶᠠᠩ ᠤᠨ ᠯᠢᠶᠠᠩ ᠳ᠋ᠢ ᠲᠤᠰᠬᠤᠨ ᠤ ᠶᠠᠳᠠᠭᠤ ᠬᠦᠴᠢᠷᠳᠡᠯᠲᠠᠢ ᠡᠷᠦᠬᠡ ᠭᠦᠧᠧ ᠯᠠᠨ ᠭᠧᠨ᠂ ᠬᠢᠷᠰᠡᠲᠠᠢ ᠪᠠᠯᠭᠠᠰᠤ ᠵᠢᠨ ᠲᠠᠩ ᠹᠠᠩ ᠪᠦᠧᠧ ᠽᠢ ᠲᠤᠰᠬᠤᠨ ᠤ ᠶᠠᠳᠠᠭᠤ ᠬᠦᠴᠢᠷᠳᠡᠯᠲᠠᠢ ᠡᠷᠦᠬᠡ ᠭᠦᠧᠧ ᠮᠤᠤ ᠰᠢᠶᠤᠤ ᠵᠢᠨ ᠭᠡᠷ ᠲᠦ ᠬᠦᠷᠴᠤ᠂ ᠲᠡᠳᠡᠨ ᠳᠤ ᠰᠠᠷ᠎ᠠ ᠰᠢᠨ᠎ᠠ ᠵᠢᠨ ᠮᠡᠨᠳᠦ ᠬᠦᠷᠭᠡᠭᠰᠡᠨ ᠪᠦᠭᠡᠳ ᠬᠠᠨᠵᠤᠨ ᠳᠡᠭᠡᠷ᠎ᠠ ᠨᠢ ᠰᠠᠭᠤᠯᠴᠠᠵᠤ ᠪᠠᠢᠢᠭᠠᠳ ᠬᠠᠮ᠋ᠲᠦ ᠳ᠋ᠠᠭᠠᠨ ᠶᠠᠳᠠᠭᠤ ᠵᠢ ᠳᠡᠳᠭᠦᠬᠦ ᠳᠠᠩᠰᠠ ᠪᠤᠳᠤᠵᠤ᠂ ᠶᠠᠳᠠᠭᠤ ᠡᠴᠡ ᠠᠩᠭᠢᠵᠢᠷᠠᠭᠤᠯᠬᠤ ᠠᠷᠭ᠎ᠠ ᠵᠢ ᠰᠤᠳᠤᠯᠪᠠ᠃

    ᠵᠡᠭᠦᠨ ᠨᠠᠶ᠋ᠮ᠋ᠠᠳᠤᠭᠠᠷ ᠰᠢᠶᠠᠩ ᠤᠨ ᠲᠧᠤ ᠬᠤᠤ ᠲᠤᠰᠬᠤᠨ ᠤ ᠶᠠᠳᠠᠭᠤ ᠡᠴᠡ ᠠᠩᠭᠢᠵᠢᠷᠠᠭᠰᠠᠨ ᠡᠷᠦᠬᠡ ᠴᠧᠩ ᠯᠢᠶᠠᠨ ᠸᠧᠢ ᠵᠢᠨ ᠭᠡᠷ ᠲᠦ ᠬᠦᠷᠴᠤ᠂ ᠲᠡᠳᠡᠨᠠᠢᠢᠬᠢᠨ ᠦᠩᠬᠡᠷᠡᠭᠰᠡᠨ ᠳ᠋ᠤ ᠬᠤᠶᠠᠷ ᠬᠡᠤᠬᠡᠳ ᠤᠨ ᠵᠢᠡᠨ ᠰᠤᠷᠤᠯᠭ᠎ᠠ ᠵᠢᠨ ᠵᠠᠷᠤᠳᠠᠯ ᠡᠴᠡ ᠪᠤᠯᠵᠤ ᠶᠠᠳᠠᠭᠤᠷᠠᠵᠤ᠂ ᠤᠳᠤ ᠨᠢᠭᠡᠨᠲᠡ ᠶᠠᠳᠠᠭᠤ ᠡᠴᠡ ᠠᠩᠭᠢᠵᠢᠷᠠᠭᠰᠠᠨ ᠢ ᠮᠡᠳᠡᠭᠡᠳ ᠯᠢ ᠵᠢᠢ ᠡᠾᠧᠩ ᠶᠡᠬᠡᠳᠡ ᠪᠠᠶᠠᠷᠯᠠᠵᠤ᠂ ᠴᠧᠩ ᠯᠢᠶᠠᠨ ᠸᠧᠢ ᠵᠢᠨ ᠶᠡᠬᠡ ᠰᠤᠷᠭᠠᠭᠤᠯᠢ ᠳᠦ ᠰᠤᠷᠤᠯᠴᠠᠵᠤ ᠪᠠᠢᠢᠭ᠎ᠠ ᠬᠦᠦ ᠵᠢ ᠴᠢᠷᠮ᠋ᠠᠢᠢᠨ ᠰᠤᠷᠤᠯᠴᠠᠭᠠᠷᠠᠢ ᠭᠡᠵᠤ ᠵᠤᠷᠢᠭᠵᠢᠭᠤᠯᠤᠭᠰᠠᠨ ᠪᠦᠭᠡᠳ᠄《〈ᠡᠷᠦᠬᠡ ᠭᠡᠷ ᠲᠦ ᠭᠠᠵᠠᠷ ᠲᠠᠷᠢᠶ᠎ᠠ ᠲᠦᠮ᠋ᠡᠨ ᠴᠢᠩ ᠪᠠᠢᠢᠭᠰᠠᠨ ᠡᠴᠡ ᠦᠪᠡᠷ ᠤᠨ ᠪᠡᠶ᠎ᠠ ᠳ᠋ᠡᠭᠡᠨ ᠦᠴᠦᠬᠡᠨ ᠡᠷᠳᠡᠮ ᠠᠭᠤᠯᠵᠤ ᠪᠠᠢᠢᠬᠤ ᠨᠢ ᠳᠡᠭᠡᠷ᠎ᠠ〉ᠶᠤᠮ᠂ ᠤᠷᠤᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠦᠵᠡᠯ ᠰᠠᠨᠠᠭ᠎ᠠ ᠲᠠᠨᠢᠯᠲᠠ ᠵᠢᠨ ᠠᠵᠢᠯ ᠢ ᠠᠯᠤᠰ ᠬᠡᠳᠦ ᠵᠢᠨ ᠲᠤᠮ᠋ᠤ ᠤᠴᠢᠷ ᠪᠤᠯᠭᠠᠨ ᠠᠳᠬᠤᠵᠤ᠂ ᠠᠯᠢ ᠨᠢᠭᠡᠨ ᠰᠤᠷᠤᠭᠴᠢ ᠵᠢ ᠴᠤ ᠶᠠᠳᠠᠭᠤ ᠡᠴᠡ ᠪᠤᠯᠵᠤ ᠰᠤᠷᠤᠯᠭ᠎ᠠ ᠡᠴᠡ ᠨᠢ ᠵᠤᠭᠰᠤᠭᠠᠵᠤ ᠪᠤᠯᠬᠤ ᠦᠭᠡᠢ᠂ ᠠᠯᠢ ᠨᠢᠭᠡᠨ ᠭᠡᠷ ᠪᠦᠯᠢ ᠵᠢ ᠴᠤ ᠰᠤᠷᠤᠯᠭ᠎ᠠ ᠵᠢᠨ ᠵᠠᠷᠤᠳᠠᠯ ᠡᠴᠡ ᠪᠤᠯᠵᠤ ᠶᠠᠳᠠᠭᠤᠷᠠᠭᠤᠯᠵᠤ ᠪᠤᠯᠬᠤ ᠦᠭᠡᠢ᠂ ᠶᠠᠳᠠᠭᠤ ᠬᠦᠴᠢᠷᠳᠡᠯ ᠦᠶ᠎ᠠ ᠳᠠᠷᠠᠭᠠᠯᠠᠨ ᠵᠠᠯᠭᠠᠮ᠋ᠵᠢᠯᠠᠬᠳᠠᠬᠤ ᠵᠢ ᠦᠨᠡᠨᠬᠦ ᠬᠤᠷᠢᠭᠯᠠᠬᠤ ᠬᠡᠷᠡᠭᠲᠡᠢ》ᠬᠡᠵᠠᠢ᠃ ᠲᠠᠩ ᠹᠠᠩ ᠪᠦᠧᠧ ᠽᠢ ᠲᠤᠰᠬᠤᠨ ᠤ ᠵᠦᠪᠯᠡᠯ ᠳᠤ᠂ ᠯᠢ ᠵᠢᠢ ᠾᠧᠩ ᠬᠡᠰᠡᠭ ᠦᠨᠳᠦᠰᠦᠨ ᠱᠠᠳᠤᠨ ᠤ ᠺᠠᠳ᠋ᠷ᠂ ᠶᠠᠳᠠᠭᠤ ᠶᠢ ᠳᠡᠳᠭᠦᠬᠦ ᠠᠵᠢᠯᠲᠠᠨ ᠪᠤᠯᠤᠨ ᠶᠠᠳᠠᠭᠤ ᠬᠦᠴᠢᠷᠳᠡᠯᠲᠠᠢ ᠡᠷᠦᠬᠡ ᠶᠢᠨ ᠲᠦᠯᠦᠭᠡᠯᠡᠭᠴᠢ ᠲᠠᠢ ᠶᠠᠷᠢᠯᠴᠠᠬᠤ ᠶᠢᠨ ᠬᠠᠮᠲᠦ ᠬᠦᠮᠦᠨ ᠪᠦᠷᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠴᠤ᠂ ᠤᠯᠠᠨ ᠤ ᠠᠵᠢᠯ ᠤᠨ ᠠᠮᠵᠢᠯᠳᠠ ᠶᠢ ᠭᠦᠢᠴᠡᠳ ᠨᠤᠲᠠᠯᠠᠵᠥ᠂ ᠶᠠᠳᠠᠭᠤ ᠬᠦᠴᠢᠷᠳᠡᠯᠲᠠᠢ ᠡᠷᠦᠬᠡ ᠶᠢᠨ ᠠᠮᠢᠳᠤᠷᠠᠯ ᠤᠨ ᠬᠤᠪᠢᠷᠠᠯᠲᠠ ᠶᠢ ᠦᠵᠡᠭᠡᠳ ᠦᠨᠡᠨ ᠰᠡᠳᠭᠢᠯ ᠠᠴᠠ ᠪᠠᠨ ᠪᠠᠶᠠᠷᠯᠠᠯ᠎ᠠ᠃ ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠶᠢ ᠰᠢᠪᠲᠤᠯᠬᠤ ᠳᠤ ᠵᠠᠪᠠᠯ ᠤᠨᠢᠨ ᠲᠡᠭᠡᠷ᠎ᠡ ᠨᠢ ᠬᠢᠬᠦ ᠳᠤ ᠬᠦᠴᠦ ᠲᠠᠯᠪᠢᠨ ᠰᠢᠪᠲᠤᠯᠤᠯᠲᠠ ᠭᠠᠷᠭᠠᠬᠤ ᠪᠠᠷ ᠴᠢᠷᠮᠠᠶᠢᠵᠦ᠂ ᠡᠷᠦᠭᠡ ᠡᠷᠦᠬᠡ ᠬᠦᠮᠦᠨ ᠬᠦᠮᠦᠨ ᠢᠶᠠᠷ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠠᠪᠰᠤᠷᠴᠤ ᠲᠡᠳᠬᠦᠬᠦ ᠡᠬᠢ ᠪᠠᠶᠠᠯᠢᠭ ᠢ ᠲᠤᠬᠢᠷᠠᠭᠤᠯᠤᠨ ᠠᠶᠢᠯ ᠡᠷᠦᠭᠡ ᠬᠦᠮᠦᠨ ᠠᠮᠠ ᠶᠢ ᠦᠨᠳᠦᠰᠦᠯᠡᠨ ᠬᠠᠪᠰᠤᠷᠴᠤ ᠲᠡᠳᠭᠦᠭᠦ ᠲᠦᠯᠦᠪᠵᠢᠬᠦᠯᠭᠡ ᠲᠤᠭᠲᠠᠭᠠᠵᠦ᠂ ᠬᠠᠪᠰᠤᠷᠴᠤ ᠲᠡᠳᠭᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠤᠨ ᠶᠠᠳᠠᠭᠤ ᠶᠢ ᠲᠡᠳᠬᠦᠭᠦ ᠲᠦᠷᠦᠯ ᠵᠦᠢᠯ᠂ ᠪᠡᠯᠡ ᠮᠦᠡᠭᠭᠦ᠂ ᠠᠷᠭ᠎ᠠ ᠬᠡᠮᠵᠢᠶ᠎ᠡ ᠪᠠ ᠬᠦᠴᠦᠨ ᠴᠢᠳᠠᠯ ᠢ ᠪᠦᠷ ᠶᠠᠳᠠᠭᠤ ᠬᠦᠴᠢᠷᠳᠡᠯᠳᠠᠢ ᠬᠦᠮᠦᠨ ᠨᠢᠭᠡᠪᠤᠷᠢ ᠳᠤ ᠤᠨᠤᠪᠴᠢᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠦ᠂ ᠤᠨᠢᠨ ᠲᠡᠭᠡᠷ᠎ᠡ ᠨᠢ ᠲᠡᠳᠭᠦᠨ ᠦᠨᠳᠦᠰᠦᠨ ᠠᠴᠠ ᠨᠢ ᠲᠡᠳᠭᠦᠬᠦ ᠬᠡᠷᠡᠭᠲᠠᠢ ᠬᠡᠵᠤ ᠴᠢᠬᠤᠯᠠᠴᠢᠯᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
关闭
010070230030000000000000011120701120429581