蒙古文网站Logo
ᠰᠢᠨᠬᠤᠸᠠ ᠮᠤᠩᠭ᠋ᠤᠯ ᠨᠧᠲ

ᠸᠠᠩ ᠯᠢ ᠵᠢᠶᠦ᠋ᠨ ᠤ ᠬᠠᠤᠯᠢ ᠪᠤᠰᠤ ᠪᠡᠷ ᠡᠷᠳᠡᠨᠢ ᠰᠢᠰᠢ ᠠᠷᠠᠯᠵᠢᠶᠠᠯᠠᠭᠰᠠᠨ ᠬᠡᠷᠡᠭ ᠢ ᠳᠠᠬᠢᠨ ᠰᠢᠬᠦᠪᠡ ᠍

2017-02-14 10:06

    ᠰᠢᠨᠬᠤᠧᠠ ᠬᠤᠷᠢᠶ᠎ᠠ   ᠪᠡᠬᠡᠵᠢᠩ ᠤᠨ 2 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠯᠢᠦ ᠢ ᠳ᠋ᠧ) 13 ᠤ ᠦᠳᠡ ᠶᠢᠨ ᠡᠮᠦᠨ᠎ᠡ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠠᠨᠨᠠᠭᠤᠷ ᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠨᠢ ᠳᠡᠬᠡᠳᠦ ᠵᠡᠷᠬᠡ ᠶᠢᠨ ᠠᠷᠠᠳ ᠤᠨ ᠰᠢᠬᠦᠬᠦ ᠬᠤᠷᠢᠶᠠᠨ ᠤ ᠵᠠᠷᠯᠢᠭ ᠤᠨ ᠳᠠᠭᠠᠤ ᠵᠠᠭᠠᠯᠳᠤᠭᠳᠠᠭᠴᠢ ᠸᠠᠩ ᠯᠢ ᠵᠢᠶᠦ᠋ᠨ ᠤ ᠬᠠᠤᠯᠢ ᠪᠤᠰᠤ ᠪᠡᠷ ᠡᠷᠳᠡᠨᠢ ᠰᠢᠰᠢ ᠠᠷᠠᠯᠵᠢᠶᠠᠯᠠᠭᠰᠠᠨ ᠬᠡᠷᠡᠭ ᠢ ᠳᠠᠬᠢᠨ ᠰᠢᠬᠦᠭᠰᠡᠨ ᠪᠠᠶᠢᠨ᠎ᠠ᠃ ᠰᠢᠬᠦᠯᠳᠡ ᠮᠦᠨ ᠡᠳᠦᠷ ᠲᠡᠬᠡᠨ ᠳᠠᠭᠤᠰᠴᠤ᠂ ᠰᠢᠬᠦᠨ ᠳᠠᠰᠤᠯᠤᠯᠳᠠ ᠶᠢᠨ ᠳ᠋ᠦᠩ ᠢ ᠬᠤᠭᠤᠴᠠᠭ᠎ᠠ ᠰᠤᠩᠭᠤᠨ ᠢᠯᠡ ᠨᠡᠶᠢᠳᠡᠯᠡᠬᠦ ᠪᠡᠷ ᠪᠤᠯᠪᠠ᠃

    ᠡᠨᠡᠬᠦ ᠰᠢᠬᠦᠯᠳᠡ ᠪᠡᠷ᠂ ᠵᠠᠭᠠᠯᠳᠤᠭᠳᠠᠭᠴᠢ ᠸᠠᠩ ᠯᠢ ᠵᠢᠶᠦ᠋ᠨ 2014 ᠤᠨ ᠤ 11 ᠰᠠᠷ᠎ᠠ ᠡᠴᠡ 2015 ᠤᠨ ᠤ 1 ᠰᠠᠷ᠎ᠠ ᠪᠤᠯᠳᠠᠯᠠᠬᠢ ᠬᠤᠭᠤᠴᠠᠭᠠᠨ ᠳᠤ ᠡᠷᠳᠡᠨᠢ ᠰᠢᠰᠢ ᠠᠷᠠᠯᠵᠢᠶᠠᠯᠠᠬᠤ ᠳ᠋ᠠᠭᠠᠨ ᠠᠮᠤ ᠪᠤᠳᠠᠭ᠎ᠠ ᠡᠵᠡᠩᠨᠡᠬᠦ ᠬᠡᠷᠡᠴᠢᠯᠡᠬᠡ ᠪᠤᠯᠤᠨ ᠦᠢᠯᠡᠳᠪᠦᠷᠢ ᠬᠤᠳᠠᠯᠳᠤᠭᠠᠨ ᠤ ᠡᠵᠡᠩᠨᠡᠯᠳᠡ ᠶᠢᠨ ᠬᠡᠷᠡᠴᠢᠯᠡᠬᠡ ᠬᠢᠯᠬᠡᠭᠰᠡᠨ ᠡᠰᠡᠬᠦ ᠶᠢᠨ ᠳᠤᠬᠠᠢ ᠰᠢᠯᠭᠠᠪᠠ᠃ ᠵᠠᠭᠠᠯᠳᠤᠭᠴᠢ ᠪᠤᠯᠤᠨ ᠦᠮᠦᠭᠯᠡᠭᠴᠢ ᠪᠤᠳᠠᠳᠠᠢ ᠬᠡᠷᠡᠭ ᠤᠨ ᠳᠤᠭᠤᠷᠢᠨ ᠳᠤ ᠬᠡᠷᠡᠴᠢ ᠪᠠᠷᠢᠮᠳᠠ ᠪᠡᠨ ᠦᠵᠡᠬᠦᠯᠵᠤ᠂ ᠤᠤᠯ ᠤᠨ ᠰᠢᠬᠦᠯᠳᠡ ᠪᠡᠷ ᠳᠤᠳᠤᠯᠠᠭᠰᠠᠨ ᠪᠤᠳᠠᠳᠠᠢ ᠬᠡᠷᠡᠭ ᠲᠤ ᠰᠠᠨᠠᠯ ᠦᠬᠡᠢ ᠬᠡᠵᠡᠢ᠃

    ᠰᠢᠬᠦᠬᠦ ᠶᠢᠨ ᠮᠠᠷᠭᠤᠯᠳᠤᠭᠠᠨ ᠤ ᠶᠠᠪᠤᠴᠠ ᠳᠤ ᠵᠠᠭᠠᠯᠳᠤᠭᠴᠢ ᠪᠤᠯᠤᠨ ᠦᠮᠦᠭᠯᠡᠭᠴᠢ ᠳᠠᠯ᠎ᠠ ᠰᠠᠨᠠᠯ ᠨᠢᠬᠡᠳᠡᠢ ᠪᠡᠷ ᠸᠠᠩ ᠯᠢ ᠵᠢᠶᠦ᠋ᠨ ᠤ ᠦᠢᠯᠡ ᠠᠵᠢᠯᠯᠠᠭ᠎ᠠ ᠨᠢ ᠬᠡᠳᠦᠶᠢᠪᠡᠷ ᠳᠤᠬᠠᠢ ᠶᠢᠨ ᠦᠶ᠎ᠡ ᠶᠢᠨ ᠵᠠᠰᠠᠭ ᠵᠠᠬᠢᠷᠭᠠᠨ ᠤ ᠬᠠᠤᠯᠢ ᠶᠢ ᠵᠦᠷᠢᠴᠡᠭᠰᠡᠨ ᠪᠤᠯᠪᠠᠴᠤ ᠡᠷᠡᠬᠦᠦ ᠶᠢᠨ ᠬᠠᠤᠯᠢ ᠶᠢᠨ ᠬᠤᠶᠠᠷ ᠵᠠᠭᠤ ᠬᠤᠷᠢᠨ ᠳᠠᠪᠤᠳᠤᠭᠠᠷ ᠵᠢᠭᠠᠯᠳᠠ ᠳᠤ ᠳᠤᠭᠳᠠᠭᠠᠭᠰᠠᠨ ᠬᠠᠤᠯᠢ ᠪᠤᠰᠤ ᠪᠡᠷ ᠠᠷᠠᠯᠵᠢᠶ᠎ᠠ ᠡᠷᠬᠢᠯᠡᠵᠤ ᠨᠡᠶᠢᠬᠡᠮ ᠳᠤ ᠬᠤᠤᠷ ᠬᠦᠨᠦᠬᠡᠯ ᠤᠴᠠᠷᠠᠭᠤᠯᠤᠭᠰᠠᠨ ᠳᠤ ᠳᠤᠭᠠᠴᠠᠭᠳᠠᠬᠤ ᠦᠬᠡᠢ ᠬᠡᠰᠡᠨ ᠪᠠᠶᠢᠨ᠎ᠠ᠃ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠸᠠᠩ ᠯᠢ ᠵᠢᠶᠦ᠋ᠨ ᠤ ᠦᠢᠯᠡ ᠠᠵᠢᠯᠯᠠᠭ᠎ᠠ ᠬᠠᠤᠯᠢ ᠪᠤᠰᠤ ᠡᠵᠡᠩᠨᠡᠯᠳᠡ ᠶᠢᠨ ᠶᠠᠯ᠎ᠠ ᠳᠤ ᠬᠦᠷᠬᠦ ᠦᠬᠡᠢ᠂ ᠰᠢᠬᠦᠬᠦ ᠡᠴᠡ ᠰᠢᠬᠦᠨ ᠳᠠᠰᠤᠯᠤᠯᠳᠠ ᠪᠡᠨ ᠦᠬᠡᠷᠡᠴᠢᠯᠡᠬᠦ ᠶᠢ ᠬᠦᠰᠡᠵᠤ ᠪᠠᠶᠢᠨ᠎ᠠ ᠬᠡᠪᠡ᠃ ᠦᠮᠦᠭᠯᠡᠭᠴᠢ ᠨᠢ ᠸᠠᠩ ᠯᠢ ᠵᠢᠶᠦ᠋ᠨ ᠳᠤ ᠶᠠᠯ᠎ᠠ ᠤᠨᠤᠭᠠᠬᠤ ᠦᠬᠡᠢ ᠪᠤᠯ ᠵᠤᠬᠢᠨ᠎ᠠ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011120701120462635