蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ ᠶᠢᠨ ᠪᠤᠭᠤᠮᠳᠠ ᠶᠢᠨ ᠠᠯᠪᠠ ᠬᠢᠯᠢ ᠵᠤᠪᠴᠢᠭᠤᠯᠬᠤ ᠪᠡᠷ ᠪᠠᠶᠢᠭᠰᠠᠨ ᠶᠡᠬᠡ ᠬᠡᠮᠵᠢᠶᠡᠨ ᠤ ᠬᠤᠤᠷ ᠢ ᠤᠯᠵᠠᠯᠠᠪᠠ

2017-02-15 09:27

    ᠤᠶᠢᠷ᠎ᠠ ᠶᠢᠨ ᠡᠳᠦᠷ᠂ ᠬᠦᠬᠡᠬᠤᠳᠠ ᠶᠢᠨ ᠪᠤᠭᠤᠮᠳᠠ ᠶᠢᠨ ᠠᠯᠪᠠ ᠨᠢ ᠡᠷᠢᠶᠡᠨ ᠬᠤᠳᠠ ᠶᠢᠨ ᠪᠤᠭᠤᠮᠳᠠ ᠪᠡᠷ ᠶᠡᠬᠡ ᠬᠡᠮᠵᠢᠶᠡᠨ ᠤ ᠬᠤᠤᠷ ᠢ ᠬᠢᠯᠢ ᠵᠤᠪᠴᠢᠭᠤᠯᠬᠤ ᠪᠡᠷ ᠪᠠᠶᠢᠭᠰᠠᠨ ᠬᠤᠶᠠᠷ ᠤᠳᠠᠭᠠᠨ ᠤ ᠬᠠᠤᠯᠢ ᠪᠤᠰᠤ ᠬᠡᠷᠡᠭ ᠢ ᠢᠯᠡᠷᠡᠬᠦᠯᠵᠤ᠂ ᠭᠠᠵᠠᠷ ᠳᠡᠬᠡᠷ᠎ᠡ ᠨᠢ 126.22 ᠭᠷᠠᠮ ᠮᠧᠲ᠋ᠠᠮᠹᠧᠲ᠋ᠠᠮᠢᠨ᠂ 0.84 ᠭᠷᠠᠮ ᠬᠠᠷ᠎ᠠ ᠳᠠᠮᠠᠬᠢ ᠤᠯᠵᠠᠯᠠᠵᠤ᠂ ᠮᠤᠩᠭᠤᠯ ᠤᠯᠤᠰ ᠤᠨ ᠢᠷᠬᠡᠨ ᠤ ᠬᠠᠷᠢᠶᠠᠯᠠᠯ ᠲᠠᠢ 2 ᠰᠡᠵᠢᠭᠳᠡᠨ ᠢ ᠪᠠᠷᠢᠪᠴᠢᠯᠠᠭᠰᠠᠨ ᠪᠠᠶᠢᠨ᠎ᠠ᠃

    ᠤᠶᠢᠯᠠᠭᠠᠭᠰᠠᠨ ᠢᠶᠡᠷ᠂ 2 ᠰᠠᠷ᠎ᠠ ᠶᠢᠨ 11 ᠤ ᠤᠷᠤᠢ᠂ ᠮᠤᠩᠭᠤᠯ ᠤᠯᠤᠰ ᠤᠨ ᠬᠠᠷᠢᠶᠠᠳᠤ ᠰᠡᠵᠢᠭᠳᠡᠨ ᠪᠤᠭᠴᠤᠨ ᠳ᠋ᠠᠭᠠᠨ 72.57 ᠭᠷᠠᠮ ᠮᠧᠲ᠋ᠠᠮᠹᠧᠲ᠋ᠠᠮᠢᠨ ᠰᠠᠪᠠᠯᠠᠵᠤ᠂ ᠪᠡᠬᠡᠵᠢᠩ ᠡᠴᠡ ᠮᠤᠩᠭᠤᠯ ᠤᠯᠤᠰ ᠤᠨ ᠤᠯᠠᠭᠠᠨᠪᠠᠭᠠᠳᠤᠷ ᠬᠦᠷᠬᠦ K23 ᠡᠬᠡᠯᠵᠢ ᠶᠢᠨ ᠤᠯᠠᠨ ᠤᠯᠤᠰ ᠤᠨ ᠭᠠᠯᠳᠤ ᠳᠡᠷᠬᠡᠨ ᠳᠤ ᠰᠠᠭᠤᠵᠤ᠂ ᠡᠷᠢᠶᠡᠨ ᠢᠶᠡᠷ ᠦᠩᠬᠡᠷᠡᠬᠦ ᠳ᠋ᠡᠬᠡᠨ ᠴᠠᠭᠳᠠᠭ᠎ᠠ ᠳᠤ ᠮᠡᠳᠡᠭᠳᠡᠨ ᠪᠠᠷᠢᠪᠴᠢᠯᠠᠭᠳᠠᠵᠠᠢ᠃ 2 ᠰᠠᠷ᠎ᠠ ᠶᠢᠨ 12 ᠤ ᠡᠳᠦᠷ᠂ ᠪᠠᠰᠠ ᠨᠢᠬᠡᠨ ᠮᠤᠩᠭᠤᠯ ᠤᠯᠤᠰ ᠤᠨ ᠬᠠᠷᠢᠶᠠᠳᠤ ᠰᠡᠵᠢᠭᠳᠡᠨ ᠡᠷᠢᠶᠡᠨ ᠬᠤᠳᠠ ᠶᠢᠨ ᠠᠦ᠋ᠲ᠋ᠤ‍ ᠵᠠᠮ ᠤᠨ ᠪᠤᠭᠤᠮᠳᠠ ᠪᠡᠷ ᠬᠢᠯᠢ ᠳᠠᠮᠨᠠᠬᠤ ᠳ᠋ᠠᠭᠠᠨ ᠳᠤᠳᠤᠷ ᠬᠤᠪᠴᠠᠰᠤᠨ ᠳ᠋ᠠᠭᠠᠨ 53.65 ᠭᠷᠠᠮ ᠮᠧᠲ᠋ᠠᠮᠹᠧᠲ᠋ᠠᠮᠢᠨ ᠬᠢᠵᠤ᠂ ᠪᠤᠭᠴᠤᠨ ᠳ᠋ᠠᠭᠠᠨ 0.84 ᠭᠷᠠᠮ ᠬᠠᠷ᠎ᠠ ᠳᠠᠮᠠᠬᠢ ᠰᠠᠪᠠᠯᠠᠨ ᠶᠠᠪᠤᠵᠤ ᠪᠠᠶᠢᠭᠰᠠᠭᠠᠷ ᠮᠦᠨ ᠴᠠᠭᠳᠠᠭ᠎ᠠ ᠳᠤ ᠮᠡᠳᠡᠭᠳᠡᠨ ᠪᠠᠷᠢᠪᠴᠢᠯᠠᠭᠳᠠᠵᠠᠢ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
关闭
010070230030000000000000011120701120469162