蒙古文网站Logo
ᠰᠢᠨᠬᠤᠸᠠ ᠮᠤᠩᠭ᠋ᠤᠯ ᠨᠧᠲ

ᠡᠾᠧᠪᠧᠢ ᠮᠤᠵᠢ ᠶᠢᠨ ᠨᠠᠮ ᠤᠨ ᠬᠤᠷᠢᠶᠠᠨ ᠤ ᠤᠤᠯ ᠤᠨ ᠱᠦᠵᠢ ᠵᠧᠤ ᠪᠧᠨ ᠱᠦᠨ ᠳᠤ 15 ᠵᠢᠯ ᠤᠨ ᠬᠤᠷᠢᠬᠤ ᠶᠠᠯ᠎ᠠ ᠤᠨᠤᠭᠠᠪᠠ

2017-02-15 17:06

    ᠰᠢᠶᠠᠮᠧᠨ ᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶᠠᠨ ᠤ ᠠᠯᠪᠠᠨ ᠤ ᠪᠦᠷᠬᠡ ᠶᠢᠨ ᠮᠡᠳᠡᠬᠡ ᠶᠢ ᠦᠨᠳᠦᠰᠦᠯᠡᠪᠡᠯ᠂ 2017 ᠤᠨ ᠤ 2 ᠰᠠᠷ᠎ᠠ ᠶᠢᠨ 15 ᠤ ᠡᠳᠦᠷ ᠤᠨ 09᠄00 ᠴᠠᠭ ᠲᠤ᠂ ᠹᠦᠵᠢᠶᠠᠨ ᠮᠤᠵᠢ ᠶᠢᠨ ᠰᠢᠶᠠᠮᠧᠨ ᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠨᠢ ᠡᠾᠧᠪᠧᠢ ᠮᠤᠵᠢ ᠶᠢᠨ ᠨᠠᠮ ᠤᠨ ᠬᠤᠷᠢᠶᠠᠨ ᠤ ᠤᠤᠯ ᠤᠨ ᠱᠦᠵᠢ ᠵᠧᠤ ᠪᠧᠨ ᠱᠦᠨ ᠤ ᠠᠪᠯᠢᠭᠠᠯ ᠤᠨ ᠬᠡᠷᠡᠭ ᠢ ᠢᠯᠡ ᠪᠡᠷ ᠰᠢᠬᠦᠨ ᠳᠠᠰᠤᠯᠵᠤ᠂ ᠵᠠᠭᠠᠯᠳᠤᠭᠳᠠᠭᠴᠢ ᠵᠧᠤ ᠪᠧᠨ ᠱᠦᠨ ᠳᠤ 15 ᠵᠢᠯ ᠤᠨ ᠬᠤᠷᠢᠬᠤ ᠶᠠᠯ᠎ᠠ ᠤᠨᠤᠭᠠᠬᠤ ᠪᠠ 200 ᠳᠦᠮᠡᠨ ᠳᠦᠬᠦᠷᠢᠭ ᠤᠨ ᠬᠤᠪᠢ ᠶᠢᠨ ᠡᠳ᠋ ᠬᠦᠷᠦᠩᠬᠡ ᠶᠢ ᠨᠢ ᠬᠤᠷᠢᠶᠠᠮᠵᠢᠯᠠᠵᠤ᠂ ᠠᠪᠯᠢᠭᠠᠯᠠᠭᠰᠠᠨ ᠪᠦᠬᠦ ᠡᠳ᠋ ᠬᠦᠷᠦᠩᠬᠡ ᠶᠢ ᠨᠢ ᠤᠯᠤᠰ ᠤᠨ ᠬᠦᠮᠦᠷᠬᠡ ᠳᠤ ᠳᠤᠰᠢᠶᠠᠬᠤ ᠪᠡᠷ ᠳᠤᠭᠳᠠᠵᠠᠢ᠃

    ᠵᠠᠭᠠᠯᠳᠤᠭᠳᠠᠭᠴᠢ ᠵᠧᠤ ᠪᠧᠨ ᠱᠦᠨ 2000 ᠤᠨ ᠡᠴᠡ 2015 ᠤᠨ ᠤ ᠬᠤᠭᠤᠷᠤᠨᠳᠤ ᠱᠤᠤ ᠶᠠᠩ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠨᠠᠨ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠮᠤᠵᠢ ᠶᠢᠨ ᠨᠠᠮ ᠤᠨ ᠬᠤᠷᠢᠶᠠᠨ ᠤ ᠤᠯᠤᠰ ᠳᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠪᠤᠶᠤ ᠳᠤᠳᠤᠭᠠᠳᠤ ᠶᠢ ᠬᠠᠮᠠᠭᠠᠯᠠᠬᠤ ᠳᠢᠩᠬᠢᠮ ᠤᠨ ᠳᠠᠷᠤᠭ᠎ᠠ᠂ ᠳᠦᠪ ᠤᠨ ᠤᠯᠤᠰ ᠳᠦᠷᠦ ᠬᠠᠤᠯᠢ ᠴᠠᠭᠠᠵᠠ ᠶᠢᠨ ᠵᠦᠪᠯᠡᠯ ᠤᠨ ᠳᠡᠳ᠋ ᠨᠠᠷᠢᠨ ᠪᠢᠴᠢᠭ᠌ ᠤᠨ ᠳᠠᠷᠤᠭ᠎ᠠ᠂ ᠨᠠᠷᠢᠨ ᠪᠢᠴᠢᠭ᠌ ᠤᠨ ᠳᠠᠷᠤᠭ᠎ᠠ᠂ ᠳᠦᠪ ᠤᠨ ᠨᠡᠶᠢᠬᠡᠮ ᠤᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠴᠡᠭᠴᠡᠯᠡᠯᠳᠡ ᠶᠢᠨ ᠵᠦᠪᠯᠡᠯ ᠤᠨ ᠬᠡᠰᠢᠬᠦᠨ᠂ ᠳᠡᠳ᠋ ᠡᠷᠬᠢᠯᠡᠭᠴᠢ᠂ ᠡᠾᠧᠪᠧᠢ ᠮᠤᠵᠢ ᠶᠢᠨ ᠨᠠᠮ ᠤᠨ ᠬᠤᠷᠢᠶᠠᠨ ᠤ ᠱᠦᠵᠢ ᠵᠡᠷᠬᠡ ᠠᠯᠪᠠᠨ ᠳᠤᠰᠢᠶᠠᠯ ᠬᠠᠷᠢᠭᠤᠴᠠᠵᠤ ᠪᠠᠶᠢᠭᠰᠠᠨ ᠬᠤᠭᠤᠴᠠᠭᠠᠨ ᠳ᠋ᠠᠭᠠᠨ ᠳᠤᠰᠢᠶᠠᠯ ᠢᠶᠡᠨ ᠤᠷᠪᠠᠭᠤᠯᠤᠨ ᠠᠰᠢᠭᠯᠠᠵᠤ᠂ ᠰᠢᠭᠤᠳ ᠪᠤᠶᠤ ᠬᠡᠷ ᠤᠨ ᠬᠦᠮᠦᠰ ᠢᠶᠡᠷ ᠢᠶᠡᠨ ᠳᠠᠮᠵᠢᠭᠤᠯᠤᠨ ᠨᠡᠶᠢᠳᠡ 4001 ᠳᠦᠮᠡ ᠭᠠᠷᠤᠢ ᠳᠦᠬᠦᠷᠢᠭ᠌ ᠤᠨ ᠬᠡᠬᠡᠯᠢ ᠬᠠᠬᠤᠯᠢ ᠢᠳᠡᠭᠰᠡᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120701120473347