蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠦᠬᠠᠢ  ᠬᠤᠲᠠ ᠶᠢᠨ ᠨᠠᠮ ᠤᠨ ᠬᠤᠷᠢᠶᠠᠨ ᠤ ᠤᠤᠯ ᠤᠨ ᠱᠦᠵᠢ ᠾᠧᠦ ᠹᠧᠩ ᠴᠢ ᠵᠡᠷᠭᠡ 4 ᠬᠦᠮᠦᠨ  ᠢ ᠨᠠᠮ ᠤᠨ ᠬᠠᠷᠢᠶᠠᠯᠠᠯ ᠡᠴᠡ ᠭᠠᠷᠭᠠᠵᠡᠢ

2017-02-19 14:44

    ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠺᠣᠮᠢᠰ ᠤᠨ ᠮᠡᠳᠡᠭᠡᠯᠡᠯ ᠡᠴᠡ ᠤᠶᠢᠯᠠᠭᠠᠭᠰᠠᠨ ᠢᠶᠡᠷ᠂ ᠤᠶᠢᠷ᠎ᠠ ᠳᠤ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠦᠪᠰᠢᠶᠡᠷᠡᠯ ᠢᠶᠡᠷ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠦᠬᠠᠢ  ᠬᠤᠲᠠ ᠶᠢᠨ ᠨᠠᠮ ᠤᠨ ᠬᠤᠷᠢᠶᠠᠨ ᠤ ᠤᠤᠯ ᠤᠨ ᠱᠦᠵᠢ ᠾᠧᠦ ᠹᠧᠩ ᠴᠢ ᠰᠠᠬᠢᠯᠭ᠎ᠠ ᠶᠢ ᠵᠤᠷᠢᠴᠡᠭᠰᠡᠨ ᠡᠴᠡ ᠨᠠᠮ ᠤᠨ ᠬᠠᠷᠢᠶᠠᠯᠠᠯ ᠡᠴᠡ ᠭᠠᠷᠭᠠᠵᠤ ᠠᠯᠪᠠᠨ ᠲᠤᠰᠢᠶᠠᠯ ᠢ ᠨᠢ ᠬᠠᠰᠤᠵᠡᠢ᠃ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠤᠤᠯ ᠤᠨ ᠳᠡᠳ᠋ ᠬᠤᠲᠠ ᠶᠢᠨ ᠳᠠᠷᠤᠭ᠎ᠠ ᠰᠢᠥᠢ ᠶᠠ ᠯᠢᠨ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠤᠯᠠᠭᠠᠨᠬᠠᠲᠠ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠠᠯ ᠤᠨ ᠤᠤᠯ ᠤᠨ ᠱᠦᠵᠢ ᠮᠧᠩ ᠹᠠᠨ ᠶᠧᠤ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠤᠯᠠᠭᠠᠨᠴᠠᠪ ᠬᠤᠲᠠ ᠶᠢᠨ ᠵᠠᠭ ᠤᠨ ᠤᠷᠳᠤᠨ ᠤ ᠤᠤᠯ ᠤᠨ ᠳᠡᠳ᠋ ᠬᠤᠲᠠ ᠶᠢᠨ ᠳᠠᠷᠤᠭ᠎ᠠ ᠰᠢᠤᠧᠠᠢ ᠫᠧᠢ ᠮᠢᠩ ᠵᠡᠷᠭᠡ ᠶᠢ ᠨᠠᠮ ᠤᠨ ᠬᠠᠷᠢᠶᠠᠯᠠᠯ ᠡᠴᠡ ᠭᠠᠷᠭᠠᠵᠡᠢ᠃

ᠢᠷᠡᠯᠳᠡ᠄ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠺᠣᠮᠢᠰ ᠤᠨ ᠬᠢᠨᠠᠨ ᠪᠠᠶᠢᠴᠠᠭᠠᠬᠤ ᠶᠠᠮᠦᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120491607