蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠡᠷᠴᠢ ᠵᠣᠷᠢᠭ ᠢᠶᠠᠨ ᠬᠦᠪᠴᠢᠯᠡᠨ ᠰᠠᠶᠢᠨ ᠬᠡᠪ ᠰᠤᠷᠳᠠᠯ ᠢ ᠳᠠᠪᠳᠠᠵᠤ ᠰᠢᠨ᠎ᠡ ᠠᠮᠵᠢᠯᠳᠠ ᠶᠢ ᠬᠠᠷᠠᠭᠤᠯᠬᠤ ᠬᠡᠷᠡᠭᠳᠡᠢ

2017-02-21 11:33

    2 ᠰᠠᠷ᠎ᠠ ᠶᠢᠨ 19 ᠤ ᠡᠳᠤᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠢᠭᠡᠳᠦᠯᠳᠠᠢ ᠪᠠᠶᠢᠷᠢᠯᠠᠭᠤᠯᠤᠯᠳᠠ ᠶᠣᠰᠣᠭᠠᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠪᠠᠭ ᠳᠠᠭᠠᠭᠤᠯᠣᠨ ᠬᠦᠬᠡᠬᠤᠳᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ 2016 ᠤᠨ ᠤ ᠠᠵᠢᠯ ᠢ ᠬᠢᠨᠠᠨ ᠰᠢᠯᠭᠠᠬᠤ ᠶᠢᠨ ᠬᠠᠮᠳᠣ ᠶᠠᠷᠢᠶ᠎ᠠ ᠳᠠᠯᠪᠢᠪᠠ᠃ ᠳᠡᠷᠡᠪᠡᠷ᠂ ᠬᠦᠬᠡᠬᠤᠳᠠ ᠡᠷᠬᠡᠪᠰᠢ ᠤᠷᠤᠨ ᠤ ᠲᠦᠪ ᠬᠤᠳᠠ ᠶᠢᠨ ᠤᠬᠠᠮᠰᠠᠷ ᠢᠶᠠᠨ ᠴᠢᠩᠭᠠᠳᠬᠠᠵᠣ᠂ ᠤᠷᠤᠨ ᠤ ᠲᠦᠪ ᠬᠤᠳᠠ ᠶᠢᠨ ᠲᠦᠷᠢ ᠳᠦᠷᠬᠦ ᠶᠢ ᠱᠤᠭᠤᠵᠤ᠂ ᠤᠷᠤᠨ ᠤ ᠲᠦᠪ ᠬᠤᠳᠠ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠤᠷᠤᠨ ᠤ ᠲᠦᠪ ᠬᠤᠳᠠ ᠶᠢᠨ ᠠᠵᠢᠯ ᠬᠢᠳᠡᠯ ᠢ ᠭᠠᠶᠢᠬᠠᠭᠤᠯᠵᠣ᠂ ᠤᠷᠤᠨ ᠤ ᠲᠦᠪ ᠬᠤᠳᠠ ᠶᠢᠨ ᠦᠢᠯᠡᠳᠦᠯ ᠢᠶᠠᠨ ᠪᠠᠳᠠᠷᠠᠭᠤᠯᠤᠨ᠂ ᠤᠷᠤᠨ ᠤ ᠲᠦᠪ ᠬᠤᠳᠠ ᠶᠢᠨ ᠬᠤᠪᠢ ᠨᠡᠮᠡᠷᠢ ᠪᠠᠨ ᠦᠵᠡᠭᠦᠯᠵᠦ᠂ ᠡᠨᠡ ᠣᠳᠠᠭ᠎ᠠ ᠶᠢᠨ ᠤᠨ ᠤ ᠠᠵᠢᠯ ᠢ ᠬᠢᠨᠠᠨ ᠰᠢᠯᠭᠠᠬᠤ ᠪᠠᠷ ᠲᠤᠬᠢᠶᠠᠯ ᠪᠤᠯᠭᠠᠨ᠂ ᠡᠷᠴᠢ ᠵᠣᠷᠢᠭ ᠢᠶᠠᠨ ᠨᠡᠩ ᠬᠦᠪᠴᠢᠯᠡᠵᠦ᠂ ᠳᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠣ᠂ ᠭᠦᠭᠵᠢᠯᠳᠡ ᠶᠢᠨ ᠠᠵᠠ ᠳᠣᠬᠢᠶᠠᠯ ᠢ ᠠᠮᠵᠢᠵᠣ᠂ ᠲᠦᠷᠦᠭᠦᠯᠡᠨ ᠠᠵᠢᠯᠯᠠᠵᠣ ᠬᠠᠷᠠᠯᠳᠠ ᠪᠠᠨ ᠲᠦᠷᠭᠡᠨ ᠪᠡᠶᠡᠯᠡᠭᠦᠯᠵᠦ᠂ ᠰᠢᠨ᠎ᠡ ᠶᠢ ᠰᠦᠪᠡᠭᠴᠢᠯᠡᠨ ᠪᠤᠳᠠᠳᠠᠢ ᠪᠠᠷ ᠠᠵᠢᠯᠯᠠᠵᠣ ᠡᠮᠦᠨ᠎ᠡ ᠡᠩᠨᠡᠭᠡ ᠳᠤ ᠭᠠᠪᠰᠢᠭᠠᠢᠢᠯᠠᠵᠣ᠂ ᠤᠷᠤᠨ ᠲᠠᠶᠠᠭᠠᠷ ᠤᠨ ᠳᠡᠷᠢᠭᠦᠨ ᠢ ᠡᠭᠦᠳᠴᠦ᠂ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠳᠡᠢ ᠭᠡᠵᠡᠢ᠃

    ᠯᠢ ᠵᠢᠢ ᠡᡁᠧᠩ᠂ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠤᠨ ᠠᠯᠪᠠᠨ ᠠᠮᠵᠢᠯᠳᠠ ᠶᠢ ᠬᠢᠨᠠᠨ ᠰᠢᠯᠭᠠᠬᠤ ᠠᠵᠢᠯ ᠢ ᠴᠢᠩᠭᠠᠳᠬᠠᠬᠤ ᠪᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠣᠯᠣᠨ ᠣᠯᠣᠰ ᠢ ᠵᠠᠰᠠᠵᠣ ᠵᠠᠰᠠᠭ ᠢ ᠡᠷᠬᠢᠯᠡᠬᠦ ᠰᠢᠨ᠎ᠡ ᠣᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢᠨ ᠴᠢᠬᠤᠯᠠ ᠠᠭᠤᠯᠭ᠎ᠠ ᠪᠤᠯᠣᠨ᠎ᠠ᠂ ᠨᠠᠮ ᠢᠶᠠᠨ ᠴᠢᠩᠭ᠎ᠠ ᠬᠠᠮᠢᠶᠠᠷᠴᠤ ᠨᠠᠮ ᠢᠶᠠᠨ ᠴᠢᠩᠭ᠎ᠠ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠨᠡ ᠣᠳᠠᠭ᠎ᠠ ᠶᠢᠨ ᠣᠨ ᠤ ᠠᠵᠢᠯ ᠢ ᠬᠢᠨᠠᠨ ᠰᠢᠯᠭᠠᠬᠤ ᠠᠭᠤᠯᠭ᠎ᠠ ᠳᠤ᠂ ᠡᠳ᠋ ᠤᠨ ᠵᠠᠰᠠᠭ᠂ ᠤᠯᠤᠰ ᠲᠦᠷᠦ᠂ ᠰᠤᠶᠤᠯ᠂ ᠨᠡᠶᠢᠬᠡᠮ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠣᠯᠣᠨ ᠨᠠᠮ ᠤᠨ ᠪᠠᠶᠢᠭᠤᠯᠤᠯᠳᠠ ᠶᠢᠨ ᠡᠯ᠎ᠡ ᠳᠠᠯ᠎ᠠ ᠶᠢ ᠬᠠᠮᠤᠷᠤᠭᠰᠠᠨ ᠳᠡᠳᠦᠢ ᠦᠬᠡᠢ《ᠲᠦᠷᠪᠡᠨ ᠪᠦᠬᠦ ᠳᠠᠯ᠎ᠠ》 ᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠤᠨᠴᠠᠭᠠᠢᠢᠯᠠᠨ ᠪᠦᠬᠦ ᠳᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠬᠠᠮᠤᠷᠴᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠪᠠᠶᠢᠷᠢᠯᠠᠭᠤᠯᠤᠯᠳᠠ᠂ ᠴᠢᠬᠤᠯᠠ ᠠᠵᠢᠯ᠂ ᠭᠤᠤᠯᠳᠠᠯᠭ᠎ᠠ ᠲᠠᠢ ᠲᠦᠷᠦᠯ ᠵᠦᠢᠯ ᠢ ᠳᠣᠣᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠳᠡᠭᠡᠷ᠎ᠡ ᠠᠩᠬᠠᠷᠣᠯ ᠢᠶᠠᠨ ᠭᠤᠤᠯᠳᠠᠯᠭ᠎ᠠ ᠲᠠᠢ ᠲᠦᠪᠯᠡᠷᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠢ ᠬᠦᠳᠦᠯᠦᠨ ᠳᠠᠭᠠᠭᠤᠯᠵᠣ ᠣᠷᠮᠠᠰᠢᠭᠤᠯᠵᠣ ᠪᠠᠶᠢᠭᠠᠳ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠬᠦᠨᠵᠡᠭᠡᠢ ᠨᠠᠶᠢᠳᠠᠪᠤᠷᠢᠵᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠭᠡᠵᠡᠢ᠃

    ᠯᠢ ᠵᠢᠢ ᠡᡁᠧᠩ ᠪᠠᠰᠠ᠂ ᠬᠢᠨᠠᠨ ᠰᠢᠯᠭᠠᠬᠤ ᠪᠤᠯ ᠠᠷᠭ᠎ᠠ ᠬᠡᠮᠵᠢᠶ᠎ᠠ ᠪᠣᠯᠣᠨ᠎ᠠ᠂ ᠵᠤᠷᠢᠯᠭ᠎ᠠ ᠨᠢ ᠠᠵᠢᠯ ᠢᠶᠠᠨ ᠠᠬᠢᠭᠤᠯᠣᠨ ᠬᠦᠭᠵᠢᠯᠳᠡ ᠶᠢ ᠠᠬᠢᠭᠤᠯᠬᠤ ᠳᠤ ᠪᠤᠢ᠃ ᠬᠤᠶᠢᠰᠢᠳᠠ ᠶᠢᠨ 5 ᠵᠢᠯ ᠪᠤᠯ ᠦᠪᠦᠷ ᠮᠤᠩᠭᠤᠯ ᠤᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ ᠶᠢ ᠳᠡᠮᠡᠴᠡᠨ ᠣᠯᠬᠤ ᠵᠠᠩᠭᠢᠯᠠᠭ᠎ᠠ ᠶᠢᠨ ᠱᠠᠳᠣ ᠪᠣᠯᠣᠨ᠎ᠠ᠂ ᠨᠠᠮ ᠤᠨ ᠲᠦᠪ ᠬᠤᠷᠢᠶ᠎ᠠ ᠶᠢᠨ ᠮᠠᠨ ᠤ ᠤᠷᠤᠨ ᠤ ᠬᠦᠭᠵᠢᠯᠳᠡ ᠶᠢᠨ ᠳᠣᠬᠠᠢ ᠪᠠᠶᠢᠷᠢ ᠲᠤᠭᠳᠠᠭᠠᠯᠳᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠣ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠵᠠᠩᠬᠢᠯᠠᠭ᠎ᠠ ᠶᠢᠨ ᠴᠠᠭ ᠦᠶ᠎ᠡ ᠪᠣᠯᠣᠨ᠎ᠠ᠃ ᠡᠳ᠋ ᠤᠨ ᠵᠠᠰᠠᠭ ᠢᠶᠡᠨ ᠬᠦᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠬᠠᠤᠯᠢ ᠪᠠᠷ ᠤᠷᠤᠨ ᠢᠶᠠᠨ ᠵᠠᠰᠠᠬᠤ᠂ ᠨᠠᠮ ᠢᠶᠠᠨ ᠴᠢᠩᠭ᠎ᠠ ᠵᠠᠰᠠᠬᠤ ᠵᠡᠷᠭᠡ ᠠᠵᠢᠯ ᠪᠦ᠋ᠷ ᠡᠨᠡᠬᠦ ᠴᠢᠬᠤᠯᠠ ᠱᠠᠳᠣ ᠪᠣᠯᠣᠨ ᠵᠠᠩᠬᠢᠯᠠᠭ᠎ᠠ ᠶᠢᠨ ᠴᠠᠭ ᠦᠶ᠎ᠡ ᠶᠢᠨ ᠬᠠᠷᠠᠯᠳᠠ ᠡᠭᠦᠷᠭᠡ ᠶᠢᠨ ᠲᠤᠭᠤᠷᠢᠨ ᠳᠤ ᠴᠢᠷᠮᠠᠶᠢᠵᠣ᠂ ᠦᠷᠨᠢᠭᠦᠯᠵᠦ᠂ ᠤᠨ ᠤ ᠬᠢᠨᠠᠨ ᠰᠢᠯᠭᠠᠬᠤ ᠠᠵᠢᠯ ᠢ ᠴᠦ ᠡᠨᠡᠬᠦ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠲᠤᠭᠤᠷᠢᠨ ᠳᠤ ᠵᠤᠬᠢᠶᠠᠨ ᠪᠠᠶᠢᠭᠤᠯᠵᠤ ᠠᠬᠢᠭᠤᠯᠬᠤ ᠬᠡᠷᠡᠭᠳᠠᠢ᠃ ᠤᠯᠤᠰ ᠲᠦᠷᠦ ᠶᠢᠨ ᠤᠳᠤᠷᠢᠳᠤᠮᠵᠢ ᠶᠢ ᠴᠢᠩᠭᠠᠷᠠᠭᠤᠯᠵᠣ᠂ ᠲᠦᠪ ᠴᠢᠩᠭ᠎ᠠ ᠬᠢᠨᠠᠨ ᠰᠢᠯᠭᠠᠯᠳᠠ ᠪᠠᠷ ᠡᠯ᠎ᠡ ᠱᠠᠳᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠬᠤ ᠶᠢ ᠠᠬᠢᠭᠤᠯᠬᠤ ᠬᠡᠷᠡᠭᠳᠡᠢ᠃ ᠬᠠᠷᠠᠯᠳᠠ ᠶᠢᠨ ᠤᠳᠤᠷᠢᠳᠤᠮᠵᠢ ᠶᠢ ᠴᠢᠩᠭᠠᠷᠠᠭᠤᠯᠵᠣ᠂ ᠡᠯ᠎ᠡ ᠱᠠᠳᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠢ ᠬᠦᠳᠦᠯᠦᠨ ᠳᠠᠭᠠᠭᠤᠯᠵᠣ ᠣᠷᠮᠠᠰᠢᠭᠤᠯᠵᠣ ᠪᠠᠶᠢᠭᠠᠳ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠂ ᠤᠶᠤᠨ ᠤᠬᠠᠭᠠᠨ ᠪᠣᠯᠣᠨ ᠬᠦᠴᠦᠨ ᠴᠢᠳᠠᠯ᠂ ᠳᠡᠮᠡᠴᠡᠯ ᠤᠨ ᠵᠤᠷᠢᠭ ᠪᠣᠯᠣᠨ ᠡᠷᠴᠢ ᠵᠤᠷᠢᠭ ᠢ ᠨᠢ ᠨᠠᠮ ᠤᠨ ᠲᠦᠪ ᠬᠤᠷᠢᠶ᠎ᠠ ᠶᠢᠨ ᠴᠢᠭᠯᠡᠯᠳᠡ ᠲᠦᠷᠦ ᠶᠢᠨ ᠪᠣᠳᠣᠯᠭ᠎ᠠ ᠪᠣᠯᠣᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠳᠡᠭᠡᠷ᠎ᠡ ᠲᠦᠪᠯᠡᠷᠡᠭᠦᠯᠬᠦ ᠬᠡᠷᠡᠭᠳᠡᠢ᠃ ᠪᠤᠳᠠᠳᠤ ᠠᠮᠵᠢᠯᠳᠠ ᠪᠦᠳᠦᠮᠵᠢ ᠶᠢᠨ ᠤᠳᠤᠷᠢᠳᠤᠮᠵᠢ ᠶᠢ ᠴᠢᠩᠭᠠᠷᠠᠭᠤᠯᠵᠣ᠂ ᠬᠢᠨᠠᠨ ᠰᠢᠯᠭᠠᠬᠤ ᠦᠷ᠎ᠡ ᠳ᠋ᠦᠩ ᠤᠨ ᠬᠡᠷᠡᠭᠯᠡᠭᠡ ᠶᠢ ᠴᠢᠩᠭᠠᠷᠠᠭᠤᠯᠵᠣ᠂ ᠡᠯ᠎ᠡ ᠱᠠᠳᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠢ ᠬᠦᠳᠦᠯᠦᠨ ᠳᠠᠭᠠᠭᠤᠯᠵᠣ ᠪᠠᠶᠢᠭᠠᠳ ᠵᠦᠪ ᠣᠨᠣᠪᠴᠢᠳᠠᠢ ᠠᠯᠪᠠᠨ ᠠᠮᠵᠢᠯᠳᠠ ᠶᠢᠨ ᠦᠵᠡᠯᠳᠡ ᠶᠢ ᠪᠣᠢ ᠪᠣᠯᠭᠠᠵᠣ᠂ ᠤᠨ ᠤ ᠬᠢᠨᠠᠨ ᠰᠢᠯᠭᠠᠬᠤ ᠠᠵᠢᠯ ᠤᠨ《ᠵᠦᠭᠯᠡᠭᠦᠷ》 ᠪᠣᠯᠣᠨ《ᠵᠢᠯᠣᠭᠤᠳᠬᠤ ᠪᠣᠷᠣᠣᠬᠠᠢ》 ᠶᠢᠨ ᠦᠢᠯᠡᠳᠦᠯ ᠢ ᠦᠨᠡᠨᠬᠦ ᠰᠠᠶᠢᠳᠤᠷ ᠪᠠᠳᠠᠷᠠᠭᠤᠯᠬᠤ ᠬᠡᠷᠡᠭᠳᠠᠢ ᠭᠡᠵᠡᠢ᠃

    ᠯᠢ ᠵᠢᠢ ᠡᡁᠧᠩ᠂ ᠬᠢᠨᠠᠨ ᠰᠢᠯᠭᠠᠬᠤ ᠪᠠᠭ ᠨᠢ ᠳᠣᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠨ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠭᠤᠭᠴᠤᠭ᠎ᠠ ᠶᠢ ᠪᠠᠭᠠᠰᠬᠠᠬᠤ ᠦᠭᠡᠢ᠂ ᠡᠮᠬᠢ ᠳᠠᠷᠠᠭᠠᠯᠠᠯ ᠢ ᠴᠦᠬᠡᠷᠡᠭᠦᠯᠬᠦ ᠦᠭᠡᠢ ᠪᠠᠶᠢᠵᠣ᠂ ᠤᠯᠠᠨ ᠵᠦᠢᠯ ᠤᠨ ᠬᠢᠨᠠᠨ ᠰᠢᠯᠭᠠᠬᠤ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠤ᠂ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠤᠨ ᠠᠵᠢᠯ ᠤᠨ ᠪᠠᠶᠢᠳᠠᠯ ᠢ ᠪᠦᠬᠦ ᠳᠠᠯ᠎ᠠ ᠪᠠᠷ ᠤᠨᠤᠪᠴᠢᠳᠠᠢ ᠤᠢᠢᠯᠠᠭᠠᠵᠣ᠂ ᠬᠢᠨᠠᠨ ᠰᠢᠯᠭᠠᠬᠤ ᠠᠵᠢᠯ ᠵᠢᠷᠣᠮᠵᠢᠯ ᠲᠠᠢ ᠮᠦᠷᠳᠡᠭᠡᠨ ᠡᠮᠬᠢ ᠵᠢᠷᠦᠮ ᠲᠠᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠳᠠᠢ᠃ ᠪᠠᠭ ᠪᠣᠯᠣᠨ ᠤᠳᠤᠷᠢᠳᠬᠤ ᠺᠠᠳ᠋ᠷᠴᠤᠳ ᠤᠨ ᠠᠯᠪᠠᠨ ᠠᠮᠵᠢᠯᠳᠠ ᠶᠢ ᠬᠤᠪᠢᠰᠤᠩᠭᠤᠢ ᠪᠠᠷ ᠦᠨᠡᠯᠡᠵᠤ᠂ ᠪᠡᠶᠡᠴᠢ ᠴᠢᠷᠮᠠᠶᠢᠯᠭ᠎ᠠ ᠶᠢ ᠨᠢ ᠦᠵᠡᠬᠦ ᠶᠢᠨ ᠬᠠᠮᠳᠣ ᠪᠤᠰᠤᠳᠴᠢ ᠨᠦᠭᠦᠴᠡᠯ ᠢ ᠨᠢ ᠴᠦ ᠦᠵᠡᠬᠦ ᠬᠡᠷᠡᠭᠳᠠᠢ; ᠬᠦᠭᠵᠢᠯᠳᠡ ᠶᠢᠨ ᠦᠷ᠎ᠡ ᠪᠦᠳᠦᠭᠡᠯ ᠢ ᠨᠢ ᠦᠵᠡᠬᠦ ᠶᠢᠨ ᠬᠠᠮᠳᠣ ᠬᠦᠭᠵᠢᠯᠳᠡ ᠶᠢᠨ ᠦᠪᠡᠷ ᠤᠨ ᠦᠷᠳᠡᠭ ᠪᠠ ᠦᠷᠡᠭᠳᠡᠯ ᠢ ᠨᠢ ᠴᠦ ᠦᠵᠡᠬᠦ ᠬᠡᠷᠡᠭᠳᠡᠢ; ᠬᠢᠨᠠᠨ ᠰᠢᠯᠭᠠᠬᠤ ᠠᠵᠢᠯ ᠤᠨ ᠢᠯᠡ ᠦᠷ᠎ᠡ ᠪᠦᠳᠦᠭᠡᠯ ᠢ ᠠᠩᠬᠠᠷᠣᠨ ᠬᠦᠨᠳᠦᠳᠭᠡᠬᠦ ᠶᠢᠨ ᠬᠠᠮᠳᠣ ᠬᠢᠨᠠᠨ ᠰᠢᠯᠭᠠᠬᠤ ᠠᠵᠢᠯ ᠤᠨ ᠰᠠᠭᠤᠷᠢ ᠳᠠᠯᠪᠢᠬᠤ᠂ ᠠᠯᠣᠰ ᠬᠡᠳᠦ ᠳᠤ ᠠᠰᠢᠭ ᠲᠠᠢ ᠲᠠᠯᠳᠠ ᠦᠷ᠎ᠡ ᠪᠦᠳᠦᠭᠡᠯ ᠢ ᠨᠢ ᠴᠦ ᠬᠦᠨᠳᠦᠳᠬᠡᠵᠦ᠂ ᠬᠢᠨᠠᠨ ᠰᠢᠯᠭᠠᠭᠰᠠᠨ ᠦᠷ᠎ᠡ ᠳ᠋ᠦᠩ ᠤᠨ ᠪᠤᠰᠤᠳᠴᠢ ᠮᠦᠷᠳᠡᠭᠡᠨ ᠲᠦᠪ ᠭᠤᠤᠯᠴᠢ ᠪᠠᠶᠢᠬᠤ ᠶᠢ ᠦᠨᠡᠨᠬᠦ ᠪᠠᠳᠣᠯᠠᠬᠤ ᠬᠡᠷᠡᠭᠳᠡᠢ᠃ ᠬᠢᠨᠠᠨ ᠰᠢᠯᠭᠠᠬᠤ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠬᠢᠨᠠᠨ ᠰᠢᠯᠭᠠᠬᠤ ᠠᠵᠢᠯ ᠤᠨ ᠣᠪᠣᠷ ᠲᠦᠪ ᠰᠣᠷᠳᠠᠯ ᠴᠢᠭᠡᠴᠢ ᠪᠠᠶᠢᠬᠤ ᠶᠢ ᠦᠨᠡᠨᠬᠦ ᠪᠠᠳᠣᠯᠠᠬᠤ ᠬᠡᠷᠡᠭᠳᠡᠢ᠃ ᠬᠢᠨᠠᠨ ᠰᠢᠯᠭᠠᠭᠳᠠᠬᠤ ᠡᠳᠡᠭᠡᠳ ᠦᠨᠡᠨ ᠠᠴᠠ ᠵᠦᠪ ᠢ ᠡᠷᠢᠬᠦ ᠠᠷᠭ᠎ᠠ ᠪᠠᠷ ᠪᠠᠶᠢᠳᠠᠯ ᠢᠶᠠᠨ ᠮᠡᠳᠡᠭᠦᠯᠵᠤ᠂ ᠭᠦᠢᠴᠡᠳ ᠦᠭᠡᠢ ᠵᠦᠢᠯ ᠢᠶᠠᠨ ᠬᠢᠨᠠᠮᠠᠭᠠᠢ ᠡᠷᠢᠵᠤ᠂ ᠺᠠᠳ᠋ᠷ ᠤᠯᠠᠨ ᠲᠦᠮᠡᠨ ᠤ ᠦᠨᠡᠯᠡᠯᠳᠡ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠰᠢᠯᠭᠠᠭᠰᠠᠨ ᠦᠷ᠎ᠡ ᠳ᠋ᠦᠩ ᠳᠤ ᠵᠦᠪ ᠢᠶᠠᠷ ᠬᠠᠨᠳᠤᠬᠤ ᠬᠡᠷᠡᠭᠳᠠᠢ ᠭᠡᠵᠡᠢ᠃

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠦᠨ ᠭᠤᠸᠠᠩ ᠵᠦᠩ ᠬᠤᠳᠠ ᠶᠢᠨ ᠨᠠᠮ ᠵᠠᠰᠠᠭ ᠤᠨ ᠤᠳᠤᠷᠢᠳᠬᠤ ᠪᠠᠭ ᠢᠶᠠᠨ ᠲᠦᠯᠦᠭᠡᠯᠡᠨ ᠠᠵᠢᠯ ᠢᠶᠠᠨ ᠬᠠᠷᠢᠭᠤ ᠮᠡᠳᠡᠭᠦᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ᠌ ᠤᠨ ᠳᠠᠷᠤᠭ᠎ᠠ ᠯᠦᠸᠧ ᠶᠦᠩ ᠭᠠᠩ ᠪᠠᠷ᠎ᠠ ᠪᠤᠯᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120701120503065