蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠤᠷᠤᠨ ᠲᠠᠶᠠᠭᠠᠷ ᠤᠨ ᠬᠠᠤᠯᠢ ᠶᠣᠰᠣᠭᠠᠷ ᠵᠠᠰᠠᠬ ᠶᠠᠪᠤᠭᠤᠯᠬᠤ ᠠᠵᠢᠯ ᠤᠨ ᠲᠧᠯᠧᠶ᠋ᠰ ᠣᠳᠠᠰᠣᠳᠤ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠠ

2017-02-21 11:50

    2 ᠰᠠᠷ᠎ᠠ ᠶᠢᠨ 19 ᠤ ᠦᠳᠡ ᠶᠢᠨ ᠡᠮᠦᠨ᠎ᠠ᠂ ᠤᠷᠤᠨ ᠲᠠᠶᠠᠭᠠᠷ ᠤᠨ ᠬᠠᠤᠯᠢ ᠶᠣᠰᠣᠭᠠᠷ ᠵᠠᠰᠠᠬ ᠶᠠᠪᠤᠭᠤᠯᠬᠤ ᠠᠵᠢᠯ ᠤᠨ ᠲᠧᠯᠧᠶ᠋ᠰ ᠣᠳᠠᠰᠣᠳᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ ᠴᠢᠬᠤᠯᠠᠴᠢᠯᠠᠭᠰᠠᠨ ᠨᠢ᠂《ᠲᠦᠷᠪᠡᠨ ᠤᠬᠠᠮᠰᠠᠷ》 ᠢᠶᠠᠨ ᠦᠨᠡᠨᠭᠦ ᠴᠢᠩᠭᠠᠳᠬᠠᠵᠦ᠂ ᠵᠠᠰᠠᠬ ᠤᠨ ᠤᠷᠳᠤᠨ ᠤ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢ ᠤᠨᠤᠪᠴᠢᠳᠠᠢ ᠡᠵᠡᠮᠰᠢᠵᠦ᠂ ᠬᠠᠤᠯᠢᠵᠢᠯ ᠤᠨ ᠢᠳᠡᠭᠡᠯ ᠪᠢᠰᠢᠷᠡᠯ ᠪᠠ ᠬᠠᠤᠯᠢᠵᠢᠯ ᠤᠨ ᠰᠡᠳᠭᠢᠭᠦᠢ ᠶᠢ ᠪᠤᠢ ᠪᠤᠯᠭᠠᠵᠦ᠂ ᠬᠠᠤᠯᠢ ᠶᠣᠰᠣᠭᠠᠷ ᠵᠠᠰᠠᠬ ᠶᠠᠪᠤᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠬᠡᠷᠡᠭᠳᠡᠢ ᠬᠡᠪᠠ᠃

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠵᠦ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠢᠤᠢ ᠮᠢᠩ᠂ ᠸᠠᠩ ᠪᠦᠸᠧ᠂ ᠪᠠᠢ ᠰᠢᠶᠠᠩ ᠴᠢᠶᠦ᠋ᠨ ᠬᠤᠷᠠᠯ ᠳᠤ ᠤᠷᠤᠯᠴᠠᠵᠠᠢ᠃

    ᠪᠦ᠋ ᠰᠢᠶᠤᠤ ᠯᠢᠨ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠤᠯ ᠮᠠᠨ ᠤ ᠨᠠᠮ ᠤᠨ ᠠᠷᠠᠳ ᠲᠦᠮᠡᠨ ᠢ ᠤᠳᠤᠷᠢᠳᠣᠨ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠪᠣᠯᠣᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠲᠡᠭᠡᠳᠤ ᠬᠡᠮᠵᠢᠶ᠎ᠠ ᠪᠠᠷ ᠬᠦᠨᠳᠦᠳᠭᠡᠵᠦ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ ᠠᠯᠢ ᠤᠯᠠᠨ ᠴᠢᠬᠤᠯᠠ ᠪᠠᠶᠢᠷᠢᠯᠠᠭᠤᠯᠤᠯᠳᠠ ᠬᠢᠵᠠᠢ᠃ ᠪᠢᠳᠠ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢᠶᠠᠨ ᠦᠨᠡᠨᠭᠦ ᠴᠢᠩᠭᠠᠳᠬᠠᠵᠦ᠂ ᠬᠠᠷᠢᠭᠤᠴᠠᠯᠭᠠᠳᠤ ᠰᠡᠳᠭᠢᠯᠭᠡ ᠪᠠ ᠪᠠᠴᠢᠮ ᠲᠤᠯᠭᠠᠮ᠎ᠠ ᠰᠡᠳᠭᠢᠯᠭᠡ ᠪᠠᠨ ᠴᠢᠩᠭᠠᠷᠠᠭᠤᠯᠵᠦ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠬᠠᠤᠯᠢᠵᠢᠯ ᠤᠨ ᠢᠳᠡᠭᠡᠯ ᠪᠢᠰᠢᠷᠠᠯ ᠢ ᠪᠠᠳᠤ ᠪᠠᠬᠢ ᠪᠣᠢ ᠪᠤᠯᠭᠠᠵᠦ᠂ ᠤᠯᠤᠰ ᠲᠦᠷᠦ ᠶᠢ ᠡᠷᠬᠢᠮᠯᠡᠬᠦ ᠦᠨᠳᠤᠷᠴᠡ ᠠᠴᠠ ᠬᠠᠤᠯᠢ ᠶᠣᠰᠣᠭᠠᠷ ᠵᠠᠰᠠᠬ ᠶᠠᠪᠤᠭᠤᠯᠬᠤ᠂ ᠬᠠᠤᠯᠢᠵᠢᠯ ᠤᠨ ᠵᠠᠰᠠᠬ ᠤᠨ ᠤᠷᠳᠤᠨ ᠢ ᠪᠠᠶᠢᠭᠤᠯᠬᠤ ᠶᠢ ᠪᠠᠷᠢᠮᠳᠠᠯᠠᠬᠤ ᠶᠢᠨ ᠲᠦᠢᠯ ᠤᠨ ᠴᠢᠬᠤᠯᠠ ᠴᠢᠨᠠᠷ ᠢ ᠬᠦᠨᠵᠡᠭᠡᠢ ᠲᠠᠨᠢᠵᠦ᠂ ᠦᠨᠡᠨ ᠰᠡᠳᠭᠢᠯ ᠠᠴᠠ ᠪᠠᠨ ᠬᠠᠤᠯᠢ ᠴᠠᠭᠠᠵᠠ ᠶᠢ ᠵᠢᠩᠬᠢᠨᠢ ᠲᠡᠭᠡᠳᠦᠯᠡᠵᠦ᠂ ᠬᠠᠤᠯᠢ ᠴᠠᠭᠠᠵᠠ ᠶᠢᠨ ᠬᠦᠯᠢᠶᠡᠰᠦᠯᠡᠯ ᠪᠠ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠵᠦ᠂ ᠤᠬᠠᠮᠰᠠᠷ ᠠᠴᠠ ᠪᠠᠨ ᠬᠠᠤᠯᠢ ᠶᠣᠰᠣᠭᠠᠷ ᠵᠠᠰᠠᠬ ᠶᠠᠪᠤᠭᠤᠯᠵᠦ᠂ ᠬᠠᠤᠯᠢ ᠶᠣᠰᠣᠭᠠᠷ ᠤᠴᠢᠷ ᠶᠠᠪᠣᠳᠠᠯ ᠢ ᠰᠢᠢᠳᠪᠤᠷᠢᠯᠡᠭᠦ ᠬᠡᠷᠡᠭᠳᠡᠢ᠃ ᠵᠠᠰᠠᠬ ᠤᠨ ᠤᠷᠳᠤᠨ ᠤ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢ ᠤᠨᠤᠪᠴᠢᠳᠠᠢ ᠡᠵᠡᠮᠰᠢᠵᠦ᠂ ᠬᠠᠤᠯᠢ ᠴᠠᠭᠠᠵᠠ ᠶᠢ ᠵᠢᠷᠤᠮᠯᠠᠬᠤ ᠶᠠᠪᠤᠳᠠᠯ ᠢ ᠵᠠᠰᠠᠬ ᠶᠠᠪᠤᠭᠤᠯᠬᠤ ᠠᠵᠢᠯᠯᠠᠭ᠎ᠠ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠤᠯᠭᠠᠵᠦ᠂ ᠵᠠᠰᠠᠬ ᠤᠨ ᠤᠷᠳᠤᠨ ᠤ ᠠᠵᠢᠯ ᠢ ᠦᠨᠡᠨᠭᠦ ᠪᠦᠭᠦ ᠲᠠᠯ᠎ᠠ ᠪᠠᠷ ᠬᠠᠤᠯᠢᠵᠢᠯ ᠤᠨ ᠵᠠᠮ ᠳᠤ ᠤᠷᠤᠭᠤᠯᠵᠦ᠂ ᠬᠠᠤᠯᠢ ᠴᠠᠭᠠᠵᠠ ᠳᠤ ᠲᠤᠬᠳᠠᠭᠠᠬᠰᠠᠨ ᠬᠠᠷᠢᠭᠤᠴᠠᠯᠭ᠎ᠠ ᠪᠠᠨ ᠵᠠᠪᠠᠯ ᠭᠦᠢᠴᠡᠳᠭᠡᠵᠦ᠂ ᠬᠠᠤᠯᠢ ᠴᠠᠭᠠᠵᠠ ᠠᠴᠠ ᠡᠷᠭᠡ ᠤᠯᠭᠤᠬᠰᠠᠨ ᠦᠭᠡᠢ ᠵᠦᠢᠯ ᠢ ᠣᠭᠳᠣ ᠬᠢᠬᠦ ᠦᠭᠡᠢ ᠪᠠᠶᠢᠬᠤ ᠬᠡᠷᠡᠭᠳᠡᠢ᠃ ᠵᠠᠰᠠᠭ ᠤᠨ ᠤᠷᠳᠤᠨ ᠤ ᠡᠭᠦᠷᠭᠡ ᠴᠢᠳᠠᠪᠭᠢ ᠶᠢ ᠬᠠᠤᠯᠢᠵᠢᠭᠤᠯᠬᠤ ᠶᠢ ᠠᠬᠢᠭᠤᠯᠵᠦ᠂ ᠵᠠᠰᠠᠬ ᠤᠨ ᠤᠷᠳᠤᠨ ᠪᠠ ᠵᠠᠬ᠎ᠠ ᠵᠡᠬᠡᠯᠢ ᠶᠢᠨ ᠬᠠᠷᠢᠴᠠᠭ᠎ᠠ ᠶᠢ ᠵᠦᠪ ᠰᠢᠢᠳᠪᠤᠷᠢᠯᠡᠭᠦ ᠶᠢᠨ ᠲᠤᠭᠤᠷᠢᠨ ᠳᠤ᠂《ᠪᠠᠭᠤᠯᠭᠠᠬᠤ ᠬᠠᠮᠢᠶᠠᠷᠬᠤ ᠦᠢᠯᠡᠴᠢᠯᠡᠭᠦ》 ᠦᠭᠡᠷᠡᠴᠢᠯᠠᠯᠳᠠ ᠶᠢ ᠴᠢᠨᠠᠬᠰᠢᠳᠠ ᠬᠦᠨᠵᠡᠭᠡᠶᠢᠷᠡᠭᠦᠯᠵᠦ᠂ ᠣᠴᠢᠷ ᠶᠠᠪᠤᠳᠠᠯ ᠤᠨ ᠲᠤᠮᠳᠠᠬᠢ ᠣᠴᠢᠷ ᠶᠠᠪᠤᠳᠠᠯ ᠤᠨ ᠲᠠᠷᠠᠭᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠦ᠂ ᠵᠠᠰᠠᠬ ᠤᠨ ᠶᠠᠪᠤᠳᠠᠯ ᠤᠨ ᠦᠢᠯᠡᠴᠢᠯᠡᠭᠡᠨ ᠤ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠵᠠᠰᠠᠬ ᠤᠨ ᠤᠷᠳᠤᠨ ᠤ ᠬᠠᠮᠢᠶᠠᠷᠤᠯᠳᠠ ᠪᠠᠶᠢᠷᠢ ᠠᠴᠠ ᠲᠠᠪᠠᠭ᠋ᠤ᠂ ᠪᠠᠶᠢᠷᠢ ᠲᠤᠳᠠᠭᠤᠳᠠᠬᠤ ᠪᠠ ᠪᠠᠶᠢᠷᠢ ᠪᠤᠷᠤᠭᠤᠳᠠᠬᠤ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠬᠡᠷᠡᠭᠳᠡᠢ᠃ ᠬᠠᠤᠯᠢᠵᠢᠯ ᠤᠨ ᠰᠡᠳᠭᠢᠭᠦᠢ ᠶᠢ ᠪᠠᠳᠤ ᠪᠠᠬᠢ ᠪᠣᠢ ᠪᠤᠯᠭᠠᠵᠦ᠂ ᠬᠠᠤᠯᠢ ᠶᠤᠰᠤᠭᠠᠷ ᠵᠠᠰᠠᠬ ᠶᠠᠪᠤᠭᠤᠯᠬᠤ᠂ ᠵᠦᠢ ᠶᠤᠰᠤᠭᠠᠷ ᠵᠠᠰᠠᠬ ᠶᠠᠪᠤᠭᠤᠯᠬᠤ᠂ ᠠᠯᠬᠤᠮ ᠲᠠᠷᠠᠭᠠᠯᠠᠯ ᠨᠢ ᠵᠦᠢ ᠵᠣᠬᠢᠰᠳᠠᠢ᠂ ᠦᠨᠳᠤᠷ ᠦᠷ᠎ᠡ ᠪᠦᠲᠦᠮᠵᠢᠳᠠᠢ ᠠᠷᠠᠳ ᠲᠤ ᠲᠦᠭᠦᠮ᠂ ᠢᠯᠠ ᠲᠤᠳᠤ ᠵᠡᠷᠭᠡ ᠦᠨᠳᠦᠰᠦᠨ ᠵᠠᠷᠴᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠤᠴᠢᠷ ᠰᠢᠢᠳᠪᠤᠷᠢᠯᠡᠭᠦ ᠳᠡᠭᠡᠨ ᠬᠠᠤᠯᠢ ᠶᠢ ᠵᠢᠷᠣᠮᠯᠠᠬᠤ᠂ ᠤᠴᠢᠷ ᠲᠤᠬᠢᠶᠠᠯᠳᠤᠪᠠᠯ ᠬᠠᠤᠯᠢ ᠴᠠᠭᠠᠵᠠ ᠶᠢ ᠡᠷᠢᠭᠦ᠂ ᠠᠰᠠᠭᠤᠳᠠᠯ ᠰᠢᠢᠳᠪᠤᠷᠢᠯᠡᠭᠦ ᠳᠡᠭᠡᠨ ᠬᠠᠤᠯᠢ ᠴᠠᠭᠠᠵᠠ ᠶᠢ ᠬᠡᠷᠡᠭᠯᠡᠬᠦ᠂ ᠵᠦᠷᠢᠴᠡᠯ ᠢ ᠨᠠᠮᠳᠠᠭᠤᠯᠬᠤ ᠳᠠᠭᠠᠨ ᠬᠠᠤᠯᠢ ᠴᠠᠭᠠᠵᠠ ᠳᠤ ᠲᠦᠰᠢᠭᠯᠡᠬᠦ ᠰᠠᠶᠢᠨ ᠰᠠᠶᠢᠬᠠᠨ ᠬᠠᠤᠯᠢᠵᠢᠯ ᠤᠨ ᠤᠷᠴᠢᠨ ᠲᠤᠭᠤᠷᠢᠨ ᠢ ᠪᠦᠷᠢᠯᠳᠦᠭᠦᠯᠭᠦ ᠶᠢ ᠠᠬᠢᠭᠤᠯᠬᠤ ᠬᠡᠷᠡᠭᠳᠡᠢ᠃ ᠬᠠᠷᠢᠭᠤᠴᠠᠯᠭ᠎ᠠ ᠪᠠ ᠬᠢᠨᠠᠯᠳᠠ ᠶᠢ ᠴᠢᠩᠭᠠᠷᠠᠭᠤᠯᠵᠦ᠂ ᠲᠤᠰᠢᠶᠠᠯ ᠬᠠᠷᠢᠭᠤᠴᠠᠯᠭ᠎ᠠ ᠶᠢᠨ ᠭᠤᠤᠯ ᠴᠤᠬᠴᠠ ᠨᠢ ᠡᠷᠭᠡ ᠬᠠᠷᠢᠭᠤᠴᠠᠯᠭ᠎ᠠ ᠲᠠᠢ ᠨᠢᠭᠡᠲᠦᠯᠳᠡᠢ ᠪᠠᠶᠢᠬᠤ ᠦᠵᠡᠯᠳᠡ ᠶᠢ ᠪᠠᠳᠤ ᠪᠠᠬᠢ ᠪᠣᠢ ᠪᠤᠯᠭᠠᠵᠦ᠂ ᠬᠢᠨᠠᠯᠳᠠ ᠲᠠᠯᠪᠢᠬᠤ ᠪᠠ ᠬᠠᠷᠢᠭᠤᠴᠠᠯᠭ᠎ᠠ ᠲᠤᠯᠭᠠᠬᠤ ᠰᠢᠰᠲ᠋ᠧᠮ ᠢ ᠴᠢᠨᠠᠬᠰᠢᠳᠠ ᠲᠡᠭᠦᠯᠳᠡᠷᠵᠢᠭᠦᠯᠵᠦ᠂ ᠵᠠᠰᠠᠬ ᠤᠨ ᠶᠠᠪᠤᠳᠠᠯ ᠤᠨ ᠢᠳᠡᠭᠡᠮᠵᠢ ᠶᠢᠨ ᠪᠠᠶᠢᠭᠤᠯᠤᠯᠳᠠ ᠶᠢ ᠶᠡᠬᠡᠪᠡᠷ ᠠᠬᠢᠭᠤᠯᠵᠦ᠂ ᠡᠷᠭᠡ ᠪᠠᠶᠢᠪᠠᠯ ᠵᠠᠪᠠᠯ ᠬᠠᠷᠢᠭᠤᠴᠠᠯᠭ᠎ᠠ ᠲᠠᠢ ᠪᠠᠶᠢᠬᠤ᠂ ᠡᠷᠭᠡ ᠪᠠᠨ ᠬᠡᠷᠡᠭᠯᠡᠪᠡᠯ ᠬᠢᠨᠠᠯᠳᠠ ᠶᠢ ᠬᠦᠯᠢᠶᠡᠭᠦ᠂ ᠬᠠᠤᠯᠢ ᠠᠴᠠ ᠵᠦᠷᠢᠴᠡᠪᠡᠯ ᠵᠠᠪᠠᠯ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ᠃ ᠬᠠᠤᠯᠢ ᠶᠣᠰᠣᠭᠠᠷ ᠵᠠᠰᠠᠬ ᠶᠠᠪᠤᠭᠤᠯᠬᠤ ᠴᠢᠳᠠᠪᠤᠷᠢ ᠪᠠᠨ ᠲᠡᠭᠡᠭᠰᠢᠯᠡᠭᠦᠯᠵᠦ᠂ ᠡᠯ᠎ᠠ ᠱᠠᠳᠤᠨ ᠤ ᠵᠠᠰᠠᠭ ᠤᠨ ᠤᠷᠳᠤᠨ ᠤ ᠠᠵᠢᠯᠳᠠᠳ ᠰᠤᠷᠤᠯᠴᠠᠯᠭ᠎ᠠ ᠪᠠᠨ ᠴᠢᠩᠭᠠᠳᠬᠠᠵᠦ᠂ ᠳᠣᠰ ᠪᠡᠶ᠎ᠡ ᠶᠢᠨ ᠬᠠᠤᠯᠢᠵᠢᠯ ᠤᠨ ᠬᠡᠪ ᠪᠤᠯᠪᠠᠰᠤᠷᠠᠯ ᠪᠠ ᠬᠠᠤᠯᠢ ᠶᠣᠰᠣᠭᠠᠷ ᠵᠠᠰᠠᠬ ᠶᠠᠪᠤᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ᠃ ᠵᠠᠰᠠᠬ ᠤᠨ ᠤᠷᠳᠤᠨ ᠤ ᠬᠠᠤᠯᠢ ᠲᠦᠷᠢᠮ ᠤᠨ ᠠᠵᠢᠯ ᠤᠨ ᠪᠠᠶᠢᠭᠤᠯᠤᠮᠵᠢ ᠳᠤ ᠱᠠᠯᠠᠪᠳᠠᠭᠤᠯᠤᠨ ᠪᠠᠶᠢᠴᠠᠭᠠᠬᠤ᠂ ᠲᠤᠷᠰᠢᠯᠭ᠎ᠠ ᠲᠡᠯᠭᠡᠷᠡᠭᠦᠯᠭᠦ᠂ ᠵᠠᠰᠠᠬ ᠶᠠᠪᠣᠭᠤᠯᠬᠤ ᠶᠢ ᠵᠢᠯᠣᠭᠤᠳᠬᠤ ᠵᠡᠷᠭᠡ ᠠᠵᠢᠯ ᠢ ᠰᠠᠶᠢᠳᠤᠷ ᠬᠢᠵᠦ᠂ ᠵᠦᠪᠯᠡᠭᠴᠢ ᠬᠠᠪᠰᠤᠷᠤᠬᠴᠢ ᠪᠠ ᠬᠠᠤᠯᠢ ᠴᠠᠭᠠᠵᠠ ᠶᠢᠨ ᠵᠦᠪᠯᠡᠭᠴᠢ ᠶᠢᠨ ᠦᠢᠯᠡᠳᠤᠯ ᠢᠶᠠᠨ ᠰᠠᠶᠢᠳᠤᠷ ᠪᠠᠳᠠᠷᠠᠭᠤᠯᠬᠤ ᠬᠡᠷᠡᠭᠳᠡᠢ ᠬᠡᠪᠡ᠃

    ᠪᠦ᠋ ᠰᠢᠶᠤᠤ ᠯᠢᠨ ᠪᠠᠰᠠ ᠲᠦᠪ ᠤᠨ 《ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠬᠡᠷᠡᠭᠵᠢᠭᠦᠯᠭᠦ ᠬᠦᠳᠦᠯᠪᠤᠷᠢ》 ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠴᠠᠢ᠃ ᠳᠡᠷᠡ ᠴᠢᠬᠤᠯᠠᠴᠢᠯᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠦᠪ ᠤᠨ ᠪᠡ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠪᠤᠳᠠᠳᠠᠢ ᠲᠠᠢ ᠪᠠᠨ ᠤᠶᠠᠯᠳᠤᠭᠤᠯᠵᠦ ᠲᠦᠰᠦᠯ ᠪᠠ ᠠᠷᠭ᠎ᠠ ᠬᠡᠮᠵᠢᠶ᠎ᠡ ᠲᠤᠬᠳᠠᠭᠠᠵᠦ᠂ ᠵᠦᠢᠯ ᠵᠣᠷᠪᠣᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠳᠠᠢ᠃ ᠭᠤᠤᠯ ᠬᠠᠷᠢᠭᠤᠴᠠᠯᠭᠠᠳᠠᠨ ᠪᠤᠯ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠨᠢᠭᠡᠲᠦᠭᠡᠷ ᠬᠠᠷᠢᠭᠤᠴᠠᠯᠭᠠᠳᠠᠨ ᠪᠣᠯᠬᠤ ᠲᠤᠯᠠ ᠠᠵᠢᠯ ᠤᠨ ᠲᠤᠮᠳᠠ ᠲᠤᠬᠢᠶᠠᠯᠳᠤᠭᠰᠠᠨ ᠬᠦᠴᠢᠷᠳᠠᠯ ᠪᠠ ᠠᠰᠠᠭᠤᠳᠠᠯ ᠢ ᠬᠦᠨᠵᠡᠭᠡᠢ ᠰᠤᠳᠤᠯᠵᠦ᠂ ᠵᠤᠬᠢᠴᠠᠭᠤᠯᠤᠨ ᠰᠢᠢᠳᠪᠤᠷᠢᠯᠡᠭᠦ ᠬᠡᠷᠡᠭᠳᠡᠢ᠃ ᠰᠢᠯᠭᠠᠨ ᠪᠠᠶᠢᠴᠠᠭᠠᠵᠣ ᠬᠢᠨᠠᠨ ᠦᠨᠡᠯᠠᠬᠦ ᠶᠢᠨ ᠦᠢᠯᠡᠳᠤᠯ ᠢ ᠭᠦᠢᠴᠡᠳ ᠪᠠᠳᠠᠷᠠᠭᠤᠯᠵᠦ᠂ ᠤᠬᠠᠭᠤᠯᠭ᠎ᠠ ᠤᠳᠤᠷᠢᠳᠤᠮᠵᠢ ᠪᠠᠨ ᠴᠢᠩᠭᠠᠳᠬᠠᠵᠦ᠂ ᠪᠦᠬᠦ ᠨᠡᠶᠢᠭᠡᠮ ᠤᠨ ᠬᠠᠮᠳᠤ ᠶᠢᠨ ᠲᠠᠨᠢᠯᠳᠠ ᠶᠢ ᠨᠢᠬᠳᠠᠷᠠᠭᠤᠯᠵᠦ᠂ ᠪᠦᠭᠦ ᠨᠡᠶᠢᠭᠡᠮ ᠢᠶᠠᠷ ᠢᠶᠠᠨ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠬᠠᠯᠠᠮᠵᠢᠯᠠᠵᠦ᠂ ᠲᠡᠮᠵᠢᠬᠦ ᠪᠠ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠭᠡᠵᠡᠢ᠃

    ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠬᠠᠤᠯᠢ ᠲᠦᠷᠢᠮ ᠤᠨ ᠠᠯᠪᠠᠨ ᠭᠡᠷ 2016 ᠤᠨ ᠤ ᠪᠦᠭᠦ ᠤᠷᠤᠨ ᠤ ᠬᠠᠤᠯᠢ ᠶᠣᠰᠣᠭᠠᠷ ᠵᠠᠰᠠᠬ ᠶᠠᠪᠤᠭᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ 2017 ᠤᠨ ᠤ ᠠᠵᠢᠯ ᠤᠨ ᠰᠠᠨᠠᠯ ᠢᠶᠠᠨ ᠲᠤᠷᠠᠳᠪᠠ᠃ ᠦᠪᠡᠷᠳᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠲᠦᠡᠭᠯᠢᠶᠤᠤ ᠬᠤᠳᠠ᠂ ᠪᠤᠭᠤᠳᠤ ᠬᠤᠳᠠ᠂ ᠤᠯᠠᠭᠠᠨᠬᠠᠳᠠ ᠬᠤᠳᠠ ᠶᠢᠨ ᠤᠡᠭᠨᠢᠭᠤᠳ ᠬᠤᠰᠢᠭᠤ᠂ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤ ᠳᠣᠷᠰᠢᠯᠭ᠎ᠠ ᠪᠠᠨ ᠳᠠᠨᠢᠯᠴᠠᠭᠤᠯᠣᠨ ᠰᠣᠯᠢᠯᠴᠠᠪᠠ᠃ ᠡᠯ᠎ᠠ ᠠᠶᠢᠮᠠᠬ ᠬᠤᠳᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠡᠯ᠎ᠠ ᠵᠦᠪᠯᠡᠯ᠂ ᠠᠯᠪᠠᠨ ᠭᠡᠷ᠂ ᠲᠢᠩᠭᠢᠮ ᠲᠤᠪᠴᠢᠶ᠎ᠠ ᠪᠠ ᠠᠵᠦ ᠠᠬᠤᠢᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠳᠠᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120701120503238