蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠡᠮᠡᠭᠲᠠᠶᠢᠴᠤᠳ ᠢ ᠬᠠᠯᠠᠮᠵᠢᠯᠠᠨ ᠭᠡᠷ ᠪᠦᠯᠢ ᠶᠢ ᠨᠠᠨᠳᠢᠩᠨᠠᠵᠤ ᠦᠨᠳᠦᠰᠦᠲᠡᠨ ᠨᠦᠭᠦᠳ ᠤᠨ ᠢᠷᠬᠡᠳ ᠤᠨ ᠠᠮᠢᠳᠤᠷᠠᠯ ᠢ ᠨᠡᠩ ᠵᠤᠯ ᠵᠢᠷᠭᠠᠯ ᠲᠠᠢ ᠪᠤᠯᠭᠠᠬᠤ ᠬᠡᠷᠡᠭᠲᠠᠢ

2017-02-24 13:12

    2 ᠰᠠᠷ᠎ᠠ ᠶᠢᠨ 23 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠦᠬᠡᠬᠤᠳᠠ ᠳᠤ ᠠᠩᠬᠠᠳᠤᠭᠠᠷ ᠬᠤᠭᠤᠴᠠᠭᠠᠨ ᠤ ᠤᠷᠤᠨ ᠲᠠᠶᠠᠭᠠᠷ ᠤᠨ ᠪᠤᠯᠪᠠᠰᠤᠨ ᠬᠡᠷ ᠪᠦᠯᠢ ᠶᠢᠨ ᠲᠦᠯᠦᠭᠡᠯᠡᠭᠴᠢ ᠪᠣᠯᠣᠨ 2016 ᠤᠨ ᠤ ᠦᠪᠡᠷᠳᠡᠭᠡᠨ ᠵᠠᠰᠠᠬᠤ ᠤᠷᠤᠨ ᠤ 《3·8》 ᠶᠢᠨ ᠤᠯᠠᠭᠠᠨ ᠲᠤᠭᠴᠢ ᠶᠢᠨ ᠪᠢᠶᠣᠣᠪᠢᠩ᠂ ᠦᠪᠡᠷᠳᠡᠭᠡᠨ ᠵᠠᠰᠠᠬᠤ ᠤᠷᠤᠨ ᠤ 《3·8》 ᠶᠢᠨ ᠤᠯᠠᠭᠠᠨ ᠲᠤᠭᠴᠢ᠂ ᠦᠪᠡᠷᠳᠡᠭᠡᠨ ᠵᠠᠰᠠᠬᠤ ᠤᠷᠤᠨ ᠤ 《3·8》 ᠶᠢᠨ ᠤᠯᠠᠭᠠᠨ ᠲᠤᠭᠴᠢ ᠬᠠᠮᠳᠤ ᠶᠢᠨ ᠲᠦᠯᠦᠭᠡᠯᠡᠭᠴᠢᠳ ᠲᠠᠢ ᠠᠭᠤᠯᠵᠠᠬᠤ ᠶᠢᠨ ᠬᠠᠮᠳᠣ ᠴᠢᠬᠤᠯᠠ ᠶᠠᠷᠢᠶ᠎ᠠ ᠳᠠᠯᠪᠢᠪᠠ᠃ ᠲᠡᠷᠡ᠂ ᠵᠢᠱᠢᠶ᠎ᠡ ᠦᠵᠡᠭᠦᠯᠤᠨ ᠳᠠᠶᠢᠴᠢᠯᠠᠨ ᠳᠠᠭᠠᠭᠤᠯᠬᠤ ᠪᠠ ᠳᠠᠭᠤᠷᠢᠶᠠᠯ ᠪᠣᠯᠵᠣ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠳᠣᠷ ᠪᠠᠳᠠᠷᠠᠭᠤᠯᠤᠨ᠂ ᠤᠷᠤᠨ ᠲᠠᠶᠠᠭᠠᠷ ᠤᠨ ᠬᠡᠷ ᠪᠦᠯᠢ ᠶᠢᠨ ᠪᠤᠯᠪᠠᠰᠤᠨ ᠤ ᠪᠠᠶᠢᠭᠤᠯᠣᠯᠳᠠ ᠪᠣᠯᠣᠨ ᠡᠮᠡᠭᠳᠡᠶᠢᠴᠦᠳ ᠤᠨ ᠦᠢᠯᠡᠰ ᠤᠨ ᠬᠦᠭᠵᠢᠯᠳᠡ ᠳᠤ ᠳᠠᠰᠣᠷᠠᠯᠳᠠ ᠦᠭᠡᠢ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠡᠢ᠃

    ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠡᠷ᠎ᠠ ᠶᠢᠨ ᠡᠮᠦᠨ᠎ᠡ ᠡᠴᠡ ᠬᠦᠬᠢᠭᠦᠯᠦᠭᠳᠡᠨ ᠰᠠᠶᠢᠰᠢᠶᠠᠭᠳᠠᠭᠰᠠᠨ ᠪᠤᠯᠪᠠᠰᠤᠨ ᠬᠡᠷ ᠪᠦᠯᠢ ᠪᠣᠯᠣᠨ 《3·8》 ᠶᠢᠨ ᠤᠯᠠᠭᠠᠨ ᠲᠤᠭᠴᠢ ᠶᠢᠨ ᠪᠢᠶᠣᠣᠪᠢᠩ᠂ ᠦᠪᠡᠷᠳᠡᠭᠡᠨ ᠵᠠᠰᠠᠬᠤ ᠤᠷᠤᠨ ᠤ《3·8》 ᠶ᠋ᠢᠨ ᠤᠯᠠᠭᠠᠨ ᠲᠤᠭᠴᠢ᠂ ᠦᠪᠡᠷᠳᠡᠭᠡᠨ ᠵᠠᠰᠠᠬᠤ ᠤᠷᠤᠨ ᠤ《3·8》 ᠶᠢᠨ ᠤᠯᠠᠭᠠᠨ ᠲᠤᠭᠴᠢ ᠬᠠᠮᠳᠤ ᠳᠤ ᠬᠠᠯᠠᠭᠤᠨ ᠪᠠᠶᠠᠷ ᠬᠦᠷᠬᠡᠵᠤ᠂ ᠡᠷᠬᠢᠮ ᠳᠡᠭᠡᠳᠦ ᠬᠦᠨᠳᠦᠳᠭᠡᠯ ᠳᠡᠪᠰᠢᠭᠦᠯᠪᠡ!

    ᠯᠢ ᠵᠢᠢ ᠡᡁᠧᠩ᠂ ᠬᠡᠷ ᠪᠦᠯᠢ ᠪᠤᠯ ᠨᠡᠶᠢᠬᠡᠮ ᠤᠨ ᠡᠰ ᠪᠣᠯᠣᠨ᠎ᠠ᠂ ᠬᠡᠷ ᠪᠦᠯᠢ ᠶᠢ ᠬᠦᠨᠳᠦᠳᠭᠡᠨ᠂ ᠡᠯᠢᠭᠡᠨ ᠬᠠᠶᠢᠷ᠎ᠠ ᠶᠢ ᠬᠦᠨᠳᠦᠳᠭᠡᠬᠦ ᠪᠤᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠳᠤ ᠰᠠᠶᠢᠬᠠᠨ ᠰᠤᠷᠳᠠᠯ ᠪᠣᠯᠣᠨ᠎ᠠ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠪᠦᠬᠦ ᠳᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠬᠡᠷ ᠪᠦᠯᠢ ᠶᠢᠨ ᠪᠤᠯᠪᠠᠰᠤᠨ ᠤ ᠪᠠᠶᠢᠭᠤᠯᠣᠯᠳᠠ ᠶᠢᠨ ᠳᠣᠬᠠᠢ ᠠᠯᠢ ᠣᠯᠠᠨ ᠴᠢᠬᠤᠯᠠ ᠦᠭᠦᠯᠡᠯᠳᠡ ᠲᠤᠷᠠᠳᠴᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠬᠡᠷ ᠪᠦᠯᠢ ᠶᠢᠨ ᠪᠤᠯᠪᠠᠰᠤᠨ ᠤ ᠪᠠᠶᠢᠭᠤᠯᠣᠯᠳᠠ ᠶᠢ ᠳᠡᠭᠡᠳᠦ ᠬᠡᠮᠵᠢᠶ᠎ᠡ ᠪᠠᠷ ᠬᠦᠨᠳᠦᠳᠭᠡᠵᠤ ᠪᠠᠶᠢᠬᠤ ᠶᠢ ᠬᠦᠢᠴᠡᠳ ᠢᠯᠡᠷᠡᠭᠦᠯᠵᠦ᠂ ᠶᠡᠷᠦᠩᠭᠡᠢ ᠱᠦᠵᠢ ᠰᠢ ᠶᠢᠨ ᠫᠢᠩ ᠪᠦᠬᠦ ᠤᠯᠤᠰ ᠤᠨ ᠲᠦᠭ ᠲᠦᠮᠡᠨ ᠬᠡᠷ ᠪᠦᠯᠢ ᠶᠢ ᠲᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠦᠢᠴᠡᠳ ᠢᠯᠡᠷᠡᠭᠦᠯᠪᠡ᠃ ᠪᠢᠳᠡ ᠡᠷᠬᠡᠪᠰᠢ ᠶᠡᠷᠦᠩᠭᠡᠢ ᠱᠦᠵᠢ ᠰᠢ ᠶᠢᠨ ᠫᠢᠩ ᠤᠨ ᠬᠡᠷ ᠪᠦᠯᠢ ᠶᠢ ᠬᠦᠨᠳᠦᠳᠭᠡᠬᠦ᠂ ᠬᠡᠷ ᠤᠨ ᠬᠦᠮᠦᠵᠢᠯ ᠢ ᠬᠦᠨᠳᠦᠳᠭᠡᠬᠦ᠂ ᠬᠡᠷ ᠤᠨ ᠰᠤᠷᠳᠠᠯ ᠢ ᠬᠦᠨᠳᠦᠳᠭᠡᠬᠦ ᠴᠢᠩ ᠰᠡᠳᠬᠢᠯ ᠤᠨ ᠰᠤᠷᠭᠠᠯ ᠪᠣᠯᠣᠨ ᠴᠢᠬᠤᠯᠠ ᠵᠢᠭᠠᠪᠤᠷᠢ ᠶᠢ ᠪᠠᠳᠣ ᠴᠡᠭᠡᠵᠢᠯᠡᠨ ᠬᠢᠨᠠᠮᠠᠭᠠᠢ ᠦᠢᠯᠡᠳᠦᠯᠭᠡᠵᠢᠭᠦᠯᠵᠦ᠂ ᠨᠡᠶᠢᠭᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠪᠠᠷ ᠭᠡᠷ ᠪᠦᠯᠢ ᠶᠢᠨ ᠪᠣᠯᠪᠠᠰᠣᠨ ᠤ ᠪᠠᠶᠢᠭᠤᠯᠣᠯᠳᠠ ᠶᠢ ᠬᠦᠳᠦᠯᠦᠨ ᠳᠠᠭᠠᠭᠤᠯᠬᠤ ᠶᠢ ᠪᠠᠷᠢᠮᠳᠠᠯᠠᠵᠣ᠂ ᠤᠳᠤᠷᠢᠳᠬᠤ ᠺᠠᠳ᠋ᠷᠴᠣᠳ᠂ ᠨᠡᠶᠢᠳᠡ ᠳᠤ ᠳᠠᠨᠢᠭᠳᠠᠭᠰᠠᠨ ᠬᠦᠮᠦᠰ᠂ ᠳᠡᠷᠢᠭᠦᠨ ᠤ ᠵᠢᠱᠢᠶᠡᠴᠢᠳ ᠲᠦᠷᠦᠭᠦᠯᠡᠨ ᠬᠢᠬᠦ ᠶᠢ ᠪᠠᠷᠢᠮᠳᠠᠯᠠᠵᠣ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠣ᠂ ᠴᠠᠭ ᠦᠶ᠎ᠡ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠪᠦᠭᠦᠳᠡᠭᠡᠷ ᠢᠶᠠᠨ ᠬᠠᠮᠳᠣ ᠳᠠᠭᠠᠨ ᠠᠳᠬᠤᠵᠣ᠂ ᠳᠠᠶᠠᠭᠠᠷ ᠢᠶᠠᠨ ᠬᠠᠮᠳᠣ ᠳᠠᠭᠠᠨ ᠴᠢᠷᠮᠠᠶᠢᠵᠣ᠂ ᠤᠷᠤᠨ ᠳᠠᠶᠠᠭᠠᠷ ᠲᠤ ᠤᠯᠤᠰ ᠤᠷᠤᠨ ᠬᠡᠷ ᠪᠦᠯᠢ ᠪᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠨ ᠬᠠᠯᠠᠮᠵᠢᠯᠠᠬᠤ᠂ ᠦᠭᠡᠳᠡᠯᠡᠨ ᠳᠠᠪᠰᠢᠬᠤ᠂ ᠬᠠᠮᠳᠣᠪᠠᠷ ᠪᠠᠶᠢᠭᠤᠯᠣᠨ ᠬᠠᠮᠳᠣᠪᠠᠷ ᠡᠳ᠋ᠯᠡᠬᠦ ᠨᠡᠶᠢᠬᠡᠮ ᠵᠢᠷᠤᠮ ᠤᠨ ᠬᠡᠷ ᠪᠦᠯᠢ ᠶᠢᠨ ᠪᠤᠯᠪᠠᠰᠤᠨ ᠤ ᠰᠢᠨ᠎ᠡ ᠬᠡᠪ ᠰᠤᠷᠳᠠᠯ ᠤᠨ ᠪᠦᠷᠢᠯᠳᠦᠭᠦ ᠶᠢ ᠠᠬᠢᠭᠤᠯᠬᠤ ᠬᠡᠷᠡᠭᠳᠠᠢ ᠭᠡᠵᠡᠢ᠃

    ᠯᠢ ᠵᠢᠢ ᠡᡁᠧᠩ᠂ ᠡᠯ᠎ᠡ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠦᠨᠡᠨ ᠰᠡᠳᠬᠢᠯ ᠠᠴᠠ ᠪᠠᠨ ᠬᠡᠭᠦᠳᠡᠭ ᠲᠦᠭᠦᠷᠡᠩ ᠬᠠᠯᠠᠭᠤᠨ ᠰᠡᠳᠬᠢᠯ ᠢᠶᠠᠷ ᠮᠠᠯᠵᠢᠬᠤ ᠳᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠠᠢ ᠬᠡᠷ ᠪᠦᠯᠢ᠂ ᠬᠤᠳᠠ ᠪᠠᠯᠭᠠᠰᠤ ᠶᠢᠨ ᠳᠣᠣᠷ᠎ᠠ ᠤᠷᠤᠯᠭ᠎ᠠ ᠲᠠᠢ ᠬᠡᠷ ᠪᠦᠯᠢ ᠵᠡᠷᠭᠡ ᠬᠦᠴᠢᠷᠳᠡᠢ ᠭᠡᠷ ᠪᠦᠯᠢ ᠶᠢ ᠬᠠᠯᠠᠮᠵᠢᠯᠠᠨ ᠬᠠᠪᠰᠣᠷᠴᠣ᠂ ᠬᠦᠴᠦ ᠣᠷᠣᠭᠤᠯᠣᠨ ᠰᠡᠳᠬᠢᠯ ᠢᠶᠠᠨ ᠲᠦᠪᠯᠡᠷᠡᠭᠦᠯᠦᠨ ᠠᠵᠢᠯ ᠢᠶᠠᠨ ᠰᠠᠶᠢᠳᠤᠷ ᠬᠢᠵᠤ᠂ ᠳᠡᠳᠠᠨᠠᠷ ᠤᠨ ᠠᠮᠢᠳᠤᠷᠠᠯ ᠢ ᠡᠳᠦᠷ ᠠᠴᠠ ᠡᠳᠤᠷ ᠰᠠᠶᠢᠨ ᠪᠣᠯᠭᠠᠵᠣ᠂ ᠨᠡᠶᠢᠬᠡᠮ ᠵᠢᠷᠦᠮ ᠤᠨ ᠳᠣᠮᠣ ᠬᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨᠬᠦ ᠡᠳ᠋ᠯᠡᠬᠦᠯᠬᠦ ᠬᠡᠷᠡᠭᠳᠠᠢ ᠭᠡᠵᠡᠢ᠃

    ᠯᠢ ᠵᠢᠢ ᠡᡁᠧᠩ᠂ ᠡᠮᠡᠭᠳᠡᠶᠢᠴᠦᠳ ᠪᠤᠯ ᠬᠦᠮᠦᠨ ᠲᠦᠷᠦᠯᠬᠢᠳᠡᠨ ᠤ ᠪᠤᠯᠪᠠᠰᠤᠨ ᠳᠠᠪᠰᠢᠯᠳᠠ ᠶᠢ ᠠᠬᠢᠭᠤᠯᠬᠤ ᠠᠭᠤᠤ ᠶᠡᠭᠡ ᠬᠦᠴᠦᠨ ᠪᠣᠯᠣᠨ᠎ᠠ᠃ ᠡᠮᠡᠭᠳᠡᠶᠢᠴᠦᠳ ᠢ ᠬᠠᠯᠠᠮᠵᠢᠯᠠᠵᠣ᠂ ᠡᠮᠡᠭᠳᠡᠶᠢᠴᠣᠳ ᠢ ᠬᠠᠶᠢᠷᠠᠯᠠᠵᠣ᠂ ᠡᠮᠡᠭᠳᠡᠶᠢᠴᠣᠳ ᠢ ᠳᠡᠮᠵᠢᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠪᠦᠬᠦ ᠨᠡᠶᠢᠬᠡᠮ ᠳᠤ ᠳᠠᠯᠪᠢᠭᠰᠠᠨ ᠨᠠᠨᠳᠢᠨ ᠭᠦᠰᠡᠯ ᠪᠣᠯᠣᠨ ᠴᠢᠬᠤᠯᠠ ᠱᠠᠭᠠᠷᠳᠠᠯᠭ᠎ᠠ ᠪᠤᠯᠤᠨ᠎ᠠ᠃ ᠤᠷᠤᠨ ᠳᠠᠶᠠᠭᠠᠷ ᠢᠶᠠᠨ ᠡᠮᠡᠭᠳᠡᠶᠢᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠡᠮᠡᠭᠳᠠᠶᠢᠴᠤᠳ ᠤᠨ ᠵᠤᠬᠢᠶᠠᠨ ᠪᠠᠶᠢᠭᠤᠯᠤᠯᠳᠠ ᠶᠢᠨ ᠴᠣᠭᠴᠠᠯᠠᠯᠳᠠ ᠶᠢ ᠶᠡᠬᠡᠪᠡᠷ ᠲᠡᠮᠵᠢᠵᠤ᠂ ᠡᠮᠡᠭᠳᠡᠶᠢᠴᠤᠳ ᠤᠨ ᠡᠷᠭᠡ ᠠᠰᠢᠭ ᠢ ᠦᠨᠡᠨᠬᠦ ᠰᠠᠶᠢᠳᠣᠷ ᠬᠠᠮᠠᠭᠠᠯᠠᠵᠣ᠂ ᠡᠮᠡᠭᠳᠡᠶᠢᠴᠣᠳ ᠤᠨ ᠪᠠᠶᠢᠷᠢ ᠰᠠᠭᠤᠷᠢ ᠶᠢ ᠰᠠᠶᠢᠳᠣᠷ ᠪᠠᠳᠣᠳᠬᠠᠵᠣ᠂ ᠡᠮᠡᠭᠳᠠᠶᠢᠴᠤᠳ ᠤᠨ 《ᠬᠠᠭᠠᠰ ᠲᠤᠯᠭᠠᠭᠤᠷᠢ》 ᠶ᠋ᠢᠨ ᠦᠢᠯᠡᠳᠦᠯ ᠢ ᠰᠠᠶᠢᠳᠣᠷ ᠪᠠᠳᠠᠷᠠᠭᠤᠯᠤᠨ᠂ ᠨᠡᠩ ᠤᠯᠠᠨ ᠰᠢᠯᠢᠳᠡᠭ ᠡᠮᠡᠭᠳᠠᠢ ᠴᠢᠳᠠᠪᠤᠷᠢᠳᠠᠨ ᠢ ᠬᠦᠮᠦᠵᠢᠭᠦᠯᠵᠤ᠂ ᠡᠮᠡᠭᠳᠠᠶᠢᠴᠦᠳ ᠪᠦᠷᠢ ᠳᠤ ᠬᠦᠮᠦᠨ ᠤ ᠠᠮᠢᠳᠣᠷᠠᠯ ᠤᠨ ᠭᠡᠷᠡᠯ ᠭᠢᠯᠪᠠᠭ᠎ᠠ ᠪᠠᠨ ᠰᠠᠴᠣᠷᠠᠭᠤᠯᠵᠣ ᠬᠦᠰᠡᠯ ᠵᠡᠭᠦᠳᠦ ᠪᠠᠨ ᠳᠡᠷᠭᠡᠯᠰᠢᠭᠦᠯᠬᠦ ᠵᠠᠪᠰᠢᠶᠠᠨ ᠤᠯᠭᠤᠵᠤ᠂ ᠳᠡᠳᠡᠨᠠᠷ ᠤᠨ ᠠᠮᠢᠳᠤᠷᠠᠯ ᠢ ᠨᠡᠩ ᠵᠤᠯ ᠵᠢᠷᠭᠠᠯ ᠲᠠᠢ ᠨᠡᠩ ᠨᠡᠷ᠎ᠡ ᠲᠦᠷᠦ ᠲᠠᠢ ᠪᠤᠯᠭᠠᠬᠤ ᠪᠠᠷ ᠴᠢᠷᠮᠠᠶᠢᠬᠤ ᠬᠡᠷᠡᠭᠳᠡᠢ ᠭᠡᠵᠡᠢ᠃

    ᠯᠢ ᠵᠢᠢ ᠡᡁᠧᠩ᠂ ᠤᠳᠤᠬᠠᠨ ᠳᠤ ᠦᠪᠦᠷ ᠮᠤᠩᠭᠤᠯ ᠤᠨ ᠬᠦᠭᠵᠢᠯᠳᠡ ᠶᠠᠭ ᠳᠡᠦᠭᠡ ᠶᠢᠨ ᠰᠢᠨ᠎ᠡ ᠭᠠᠷᠤᠭ᠎ᠠ ᠳᠡᠭᠡᠷ᠎ᠡ ᠪᠤᠢ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠠᠤᠭ᠎ᠠ ᠲᠦᠰᠦᠪ ᠪᠣᠯᠣᠨ ᠰᠠᠶᠢᠨ ᠰᠠᠶᠢᠬᠠᠨ ᠬᠠᠷᠠᠯᠳᠠ ᠶᠢ ᠵᠢᠷᠣᠭᠯᠠᠵᠠᠢ᠂ ᠡᠨᠡᠬᠦ ᠵᠢᠷᠤᠭ ᠲᠦᠰᠦᠪ ᠪᠣᠯᠣᠨ ᠰᠠᠶᠢᠨ ᠰᠠᠶᠢᠬᠠᠨ ᠬᠠᠷᠠᠯᠳᠠ ᠶᠢ ᠪᠡᠶᠡᠯᠡᠭᠦᠯᠬᠦ ᠳᠤ᠂ ᠤᠷᠤᠨ ᠳᠠᠶᠠᠭᠠᠷ ᠢᠶᠠᠨ ᠳᠣᠣᠭᠠᠷᠪᠠᠯ ᠳᠠᠭᠤᠨ ᠨᠢᠭᠡᠳᠡᠢ ᠳᠣᠭᠳᠣᠷᠪᠠᠯ ᠬᠦᠴᠦᠨ ᠨᠢᠭᠡᠳᠡᠢ ᠪᠠᠷ ᠬᠠᠨᠴᠣᠢ ᠰᠢᠮᠠᠯᠣᠨ ᠴᠢᠷᠮᠠᠶᠢᠨ ᠠᠵᠢᠯᠯᠠᠵᠣ᠂ ᠰᠢᠨᠳᠠᠰᠣ ᠡᠷᠴᠢᠯᠡᠨ ᠨᠠᠶᠢᠳᠠᠪᠣᠷᠢᠵᠢᠭᠤᠯᠬᠤ ᠶᠢ ᠱᠠᠭᠠᠷᠳᠠᠨ᠎ᠠ᠃ ᠤᠷᠤᠨ ᠳᠠᠶᠠᠭᠠᠷ ᠢᠶᠠᠨ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠣᠯᠣᠨ ᠤᠯᠤᠰ ᠢ ᠵᠠᠰᠠᠬᠤ ᠵᠠᠰᠠᠭ ᠢ ᠡᠷᠬᠢᠯᠡᠬᠦ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠳᠣᠣᠱᠯᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠴᠣᠴᠠᠯᠳᠠ ᠦᠭᠡᠢ ᠣᠷᠣᠭᠰᠢᠯᠠᠵᠣ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠡ ᠢᠯᠠᠯᠳᠠ ᠶᠢ ᠳᠠᠰᠣᠷᠠᠯᠳᠠ ᠦᠭᠡᠢ ᠳᠡᠮᠡᠴᠡᠨ ᠣᠯᠵᠣ᠂ ᠡᠬᠡ ᠣᠯᠣᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠠᠢ ᠭᠡᠵᠡᠢ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠦᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠠᠭᠤᠯᠵᠠᠯᠳᠠ ᠶᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ᠌ ᠤᠨ ᠳᠠᠷᠤᠭ᠎ᠠ ᠯᠦᠸᠧ ᠶᠦᠩ ᠭᠠᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠨᠠᠷ ᠠᠭᠤᠯᠵᠠᠯᠳᠠ ᠳᠤ ᠤᠷᠤᠯᠴᠠᠪᠠ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120701120524312