蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠰᠡᠷᠡᠮᠵᠢ ᠶᠢᠨ ᠬᠤᠩᠬᠤ ᠶᠢ ᠪᠠᠶᠢᠩᠭᠤ ᠬᠠᠩᠬᠢᠨᠠᠭᠤᠯᠵᠤ ᠠᠶᠤᠯᠬᠦᠢ ᠦᠢᠯᠡᠳᠪᠦᠷᠢᠯᠡᠯ ᠬᠡᠮᠡᠬᠦ ᠲᠠᠪᠠᠵᠤ ᠦᠯᠦ ᠪᠤᠯᠬᠤ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠠᠢ

2017-03-01 12:26

    2 ᠰᠠᠷ᠎ᠠ ᠶᠢᠨ 27 ᠡᠴᠡ 28 ᠤ ᠡᠳᠦᠷ ᠪᠣᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠢ ᠲᠠᠭᠠᠭᠤᠯᠤᠨ ᠤᠷᠳᠤᠰ ᠬᠤᠳᠠ ᠳᠤ ᠬᠦᠨᠵᠡᠭᠡᠶᠢᠷᠡᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ 《ᠡᠷᠬᠢᠨ ᠬᠠᠷᠠᠬᠤ》ᠠᠵᠢᠯᠯᠠᠭ᠎ᠠ ᠦᠷᠨᠢᠭᠦᠯᠪᠡ᠃ ᠲᠡᠷᠡ᠂ ᠬᠠᠮᠤᠭ ᠤᠨ ᠡᠷᠡᠰ ᠪᠠᠳᠤ ᠤᠪᠤᠷ᠂ ᠬᠠᠮᠤᠭ ᠤᠨ ᠬᠦᠴᠦᠨ ᠪᠦᠬᠦᠢ ᠠᠷᠭ᠎ᠠ ᠬᠡᠮᠵᠢᠶ᠎ᠡ᠂ ᠬᠠᠮᠤᠭ ᠤᠨ ᠲᠦᠪ ᠴᠢᠩᠭ᠎ᠠ ᠱᠠᠭᠠᠷᠳᠠᠯᠭ᠎ᠠ ᠪᠠᠷ᠂ ᠠᠶᠤᠯᠭᠦᠢ ᠦᠢᠯᠡᠳᠪᠦᠷᠢᠯᠡᠯ ᠢ ᠨᠢᠭᠡ ᠮᠦᠴᠡ ᠴᠤ ᠰᠤᠯᠠᠷᠠᠭᠤᠯᠤᠯ ᠦᠭᠡᠢ ᠠᠳᠬᠤᠵᠤ᠂ ᠦᠴᠦᠭᠡᠨ ᠴᠤ ᠤᠰᠤᠯᠳᠤᠯ ᠦᠭᠡᠢ ᠪᠠᠷ ᠠᠶᠤᠯᠬᠦᠢ ᠶᠢ ᠪᠠᠳᠤᠯᠠᠵᠤ᠂ ᠤᠷᠤᠨ ᠲᠠᠶᠠᠭᠠᠷ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠡᠭᠦᠳᠦᠨ ᠦᠭᠴᠦ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠣ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠴᠢᠬᠤᠯᠠᠴᠢᠯᠠᠪᠠ᠃

    ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠷᠢ ᠵᠡᠷᠭᠡ ᠨᠡᠶᠢᠳᠡᠪᠦᠷᠢᠵᠢᠭᠤᠯᠤᠬᠰᠠᠨ ᠪᠣᠯ︖ ᠲᠡᠭᠡᠷ᠎ᠡ ᠤᠳᠠᠭ᠎ᠠ ᠶᠢᠨ ᠱᠠᠯᠠᠪᠳᠠᠭᠤᠯᠤᠨ ᠪᠠᠶᠢᠴᠠᠭᠠᠬᠤ ᠦᠶ᠎ᠡ ᠳᠤ ᠬᠠᠷᠢᠭᠤ ᠲᠤᠰᠬᠠᠬᠰᠠᠨ ᠠᠰᠠᠭᠤᠳᠠᠯ ᠢ ᠬᠢᠷᠢ ᠵᠡᠷᠭᠡ ᠴᠡᠭᠴᠡᠯᠠᠨ ᠰᠠᠶᠢᠵᠢᠷᠠᠭᠤᠯᠵᠣ ᠨᠠᠶᠢᠳᠠᠪᠣᠷᠢᠵᠢᠭᠤᠯᠣᠭᠰᠠᠨ ᠪᠣᠯ︖ 27 ᠤ ᠦᠳᠡ ᠳᠤ᠂ ᠦᠪᠦᠷ ᠮᠤᠩᠭᠤᠯ ᠬᠢᠭᠡᠳ ᠲᠦᠪ ᠤᠨ ᠠᠵᠤ ᠠᠬᠤᠢᠢᠯᠠᠯ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠪᠡᠭᠡᠵᠢᠩ ᠳᠤ ᠲᠡᠭᠦᠰᠭᠦ ᠲᠠᠢ ᠵᠡᠷᠭᠡ ᠯᠢ ᠵᠢᠢ ᠾᠧᠩ ᠤᠷᠳᠤᠰ ᠬᠤᠳᠠ ᠶᠢ ᠴᠢᠭᠯᠡᠯ᠎ᠠ᠃ ᠲᠡᠷᠡ ᠨᠢᠰᠬᠦ ᠤᠩᠭᠤᠴᠠᠨ ᠡᠴᠡ ᠪᠠᠭᠤᠮᠠᠬᠴᠠ᠂ ᠤᠷᠳᠤᠰ ᠨᠢᠰᠬᠦ ᠤᠩᠭᠤᠴᠠᠨ ᠤ ᠪᠠᠭᠤᠳᠠᠯ ᠤᠨ ᠠᠶᠤᠯᠬᠦᠢ ᠶᠢᠨ ᠬᠢᠨᠠᠨ ᠬᠠᠮᠢᠶᠠᠷᠤᠯᠳᠠ ᠶᠢᠨ ᠪᠠᠶᠢᠳᠠᠯ ᠢ ᠪᠠᠶᠢᠴᠠᠭᠠᠵᠤ᠂ ᠠᠶᠤᠯᠬᠦᠢ  ᠶᠢᠨ ᠪᠠᠶᠢᠴᠠᠭᠠᠯᠳᠠ᠂ ᠭᠠᠯ ᠰᠡᠷᠬᠡᠶᠢᠯᠡᠵᠦ ᠭᠠᠯ ᠤᠨᠳᠠᠷᠠᠭᠠᠬᠤ᠂ ᠠᠶᠤᠯᠬᠦᠢ ᠶᠢ ᠬᠠᠮᠠᠭᠠᠯᠠᠬᠤ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠬᠰᠠᠨ ᠤ ᠲᠠᠷᠠᠭ᠎ᠠ᠂ ᠨᠢᠰᠭᠦ ᠤᠩᠭᠤᠴᠠᠨ ᠤ ᠪᠠᠭᠤᠳᠠᠯ ᠤᠨ ᠬᠠᠷᠢᠭᠤᠴᠠᠯᠭᠠᠳᠠᠨ ᠳᠤ ᠬᠦᠮᠦᠨ ᠤᠯᠠᠨ ᠴᠤᠬᠯᠠᠷᠠᠬᠤ᠂ ᠬᠦᠳᠡᠯᠦᠩᠭᠦᠢ ᠴᠢᠨᠠᠷ ᠶᠡᠭᠡ᠂ ᠵᠠᠩᠬᠢᠯᠠᠭ᠎ᠠ ᠶᠢᠨ ᠪᠠᠶᠢᠷᠢ ᠬᠡᠰᠡᠭ ᠤᠯᠠᠨ ᠵᠡᠷᠭᠡ ᠤᠨᠴᠠᠯᠢᠭ ᠲᠤ ᠴᠢᠭᠯᠡᠭᠦᠯᠦᠨ᠂ ᠴᠢᠭᠯᠡᠭᠦᠯᠦᠯᠳᠦ ᠴᠢᠨᠠᠷᠳᠠᠢ ᠠᠶᠤᠯᠬᠦᠢ ᠶᠢᠨ ᠬᠠᠮᠢᠶᠠᠷᠤᠯᠳᠠ ᠶᠢᠨ ᠠᠷᠭ᠎ᠠ ᠬᠡᠮᠵᠢᠶ᠎ᠠ ᠠᠪᠴᠤ᠂ ᠪᠠᠭᠤᠳᠠᠯ ᠤᠨ ᠠᠶᠤᠯᠬᠦᠢ ᠶᠢ ᠦᠨᠡᠨᠬᠦ ᠪᠠᠳᠤᠯᠠᠬᠤ ᠬᠡᠷᠡᠭᠳᠡᠢ ᠭᠡᠵᠦ ᠲᠠᠬᠢᠨ ᠲᠠᠪᠳᠠᠨ ᠰᠠᠨᠠᠭᠤᠯᠪᠠ᠃ ᠲᠠᠷᠠᠭ᠎ᠠ ᠪᠠᠷ ᠨᠢ᠂ ᠯᠢ ᠵᠢᠢ ᠾᠧᠩ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠲᠤᠨᠤᠭ ᠲᠦᠭᠦᠭᠡᠷᠦᠮᠵᠢ ᠰᠡᠯᠪᠢᠨ ᠵᠠᠰᠠᠬᠤ ᠲᠦᠪ ᠢ ᠰᠤᠭᠤᠴᠢᠨ ᠪᠠᠶᠢᠴᠠᠭᠠᠵᠤ᠂ ᠠᠵᠢᠯᠴᠢᠳ ᠠᠭᠤᠷᠬᠠᠢ ᠶᠢᠨ ᠲᠤᠮᠤ ᠬᠡᠯᠪᠡᠷᠢ ᠶᠢᠨ ᠮᠠᠰᠢᠨ ᠢ ᠨᠠᠷᠢᠨ ᠨᠢᠮᠪᠠᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠬᠠᠷᠠᠭᠠᠳ᠂ ᠲᠡᠷᠡ ᠲᠤᠩ ᠰᠡᠳᠬᠢᠯ ᠬᠠᠨᠤᠮᠵᠢᠳᠡᠢ ᠪᠠᠶᠢᠪᠠ᠃ ᠲᠡᠷᠡ᠂ ᠠᠶᠤᠯᠭᠦᠢ ᠦᠢᠯᠡᠳᠪᠦᠷᠢᠯᠡᠯ ᠳᠤ ᠶᠠᠭᠠᠬᠢᠬᠰᠠᠨ ᠴᠤ ᠬᠦᠩᠭᠡᠨ ᠬᠠᠭᠤᠳᠠᠮ ᠬᠠᠨᠳᠤᠵᠤ ᠪᠤᠯᠬᠤ ᠦᠭᠡᠢ᠂ ᠦᠩᠭᠡᠷᠡᠭᠰᠡᠨ ᠪᠠ ᠤᠳᠤᠬᠠᠨ ᠳᠤ ᠠᠳᠡᠯ ᠦᠭᠡᠢ ᠨᠢ ᠬᠤᠵᠢᠮ ᠠᠳᠡᠯ ᠡᠭᠦᠰᠭᠦ ᠦᠭᠡᠢ ᠬᠡᠳᠡᠭ ᠢ ᠪᠠᠳᠤᠯᠠᠵᠤ ᠲᠡᠶᠢᠯᠭᠦ ᠦᠭᠡᠢ᠂ ᠡᠷᠬᠡᠪᠰᠢ ᠴᠠᠭ ᠢᠮᠠᠬᠳᠠ ᠰᠡᠷᠡᠮᠵᠢᠯᠡᠵᠤ ᠬᠡᠵᠢᠶ᠎ᠠ ᠡᠭᠦᠷᠢᠳᠡ ᠴᠢᠩᠭ᠎ᠠ ᠠᠳᠬᠤᠬᠤ ᠬᠡᠷᠡᠭᠳᠡᠢ ᠬᠡᠵᠡᠢ᠃

    28 ᠤ ᠡᠳᠦᠷ᠂ ᠯᠢ ᠵᠢᠢ ᠾᠧᠩ ᠵᠦᠩ ᠲᠢᠶᠠᠨ ᠾᠧ ᠴᠤᠸᠠᠩ ᠺᠤᠮᠫᠠᠨᠢ ᠶᠢᠨ ᠤᠷᠳᠤᠰ ᠳᠠᠬᠢ ᠨᠡᠭᠦᠷᠡᠰᠦ ᠶᠢ ᠨᠠᠷᠢᠯᠢᠭ ᠡᠳ᠋ᠰᠢᠭᠦᠯᠭᠦ ᠵᠢᠱᠢᠶ᠎ᠠ ᠦᠵᠡᠭᠦᠯᠭᠦ ᠳᠦᠰᠦᠯ᠂ ᠲᠤᠮᠳᠠᠳᠤ ᠤᠯᠤᠰ ᠤᠨ ᠨᠡᠭᠦᠷᠡᠰᠦᠨ ᠤ ᠠᠵᠣ ᠦᠢᠯᠡᠳᠪᠦᠷᠢ ᠶᠢᠨ ᠺᠣᠮᠫᠠᠨᠢ ᠶᠢᠨ ᠤᠷᠳᠤᠰ ᠲᠠᠬᠢ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ ᠶᠢᠨ 200 ᠲᠦᠮᠡᠨ ᠲᠤᠨ ᠨᠡᠶᠢᠯᠡᠮᠡᠯ ᠰᠢᠪᠳᠤᠷ 350 ᠲᠦᠮᠡᠨ ᠲᠤᠨ ᠰᠢᠬᠡᠰᠦᠯᠢᠭ ᠡᠳ᠋ ᠤᠨ ᠳᠦᠰᠦᠯ᠂ ᠦᠪᠦᠷ ᠮᠤᠩᠭᠤᠯ ᠤᠨ ᠢ ᠯᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠦ ᠺᠤᠮᠫᠠᠨᠢ ᠶᠢᠨ 50 ᠲᠦᠮᠡᠨ PVC ᠶᠢᠨ ᠲᠦᠷᠦᠯ ᠵᠦᠢᠯ ᠵᠡᠷᠭᠡ ᠳᠦᠰᠦᠯ ᠤᠨ ᠠᠶᠤᠯᠭᠦᠢ ᠦᠢᠯᠡᠳᠪᠦᠷᠢᠯᠠᠯ ᠤᠨ ᠪᠠᠶᠢᠳᠠᠯ ᠢ ᠰᠤᠭᠤᠴᠢᠨ ᠪᠠᠶᠢᠴᠠᠭᠠᠵᠤ᠂ ᠦᠢᠯᠡᠳᠪᠦᠷᠢ ᠶᠢᠨ ᠲᠠᠰᠤᠭ ᠲᠤᠨᠢ ᠣᠷᠣᠵᠣ ᠭᠠᠵᠠᠷ ᠳᠡᠬᠡᠷ᠎ᠡ ᠨᠢᠦᠵᠡᠵᠤ᠂ ᠨᠠᠷᠢᠨ ᠲᠠᠩᠰᠠ ᠲᠠᠢ ᠨᠢ ᠬᠠᠷᠭᠤᠭᠤᠯᠤᠨ ᠭᠠᠵᠠᠷ ᠳᠡᠬᠡᠷ᠎ᠡ ᠨᠢ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠪᠠᠭᠤᠷᠠᠢ ᠭᠤᠬᠴᠤᠭ᠎ᠠ ᠪᠠ ᠭᠤᠤᠯᠳᠠᠯᠭ᠎ᠠ ᠲᠠᠢ ᠪᠠᠶᠢᠷᠢ ᠬᠡᠰᠡᠭ ᠢ ᠨᠠᠷᠢᠨ ᠪᠠᠶᠢᠴᠠᠭᠠᠵᠠᠢ᠃

    ᠯᠢ ᠵᠢᠢ ᠾᠧᠩ᠂ ᠠᠵᠤ ᠠᠬᠤᠢᠢᠯᠠᠯ ᠬᠡᠷᠪᠡ ᠠᠳᠡᠯ ᠢ ᠣᠰᠠᠳᠬᠠᠬᠤ ᠦᠭᠡᠢ ᠪᠤᠯ ᠠᠳᠡᠯ ᠲᠠᠷᠤᠢ ᠠᠵᠤ ᠠᠬᠤᠢᠢᠯᠠᠯ ᠢ ᠣᠰᠠᠳᠬᠠᠨ᠎ᠠ᠃ ᠤᠷᠳᠤᠰ ᠲᠤ ᠦᠢᠯᠡᠳᠪᠦᠷᠢ ᠠᠭᠤᠷᠬᠠᠢ ᠠᠵᠤ ᠠᠬᠤᠢᠢᠯᠠᠯ ᠤᠯᠠᠨ᠂ ᠣᠨᠴᠠᠭᠠᠢᠢᠯᠠᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠲᠦᠪᠯᠡᠷᠡᠵᠦ ᠪᠠᠶᠢᠨ᠎ᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠭᠤᠤᠯ ᠴᠤᠬᠴᠠ ᠪᠤᠯᠤᠬᠰᠠᠨ ᠤ ᠬᠤᠪᠢ ᠳᠤ ᠠᠵᠤ ᠠᠬᠤᠢᠢᠯᠠᠯ ᠡᠷᠬᠡᠪᠰᠢ ᠱᠠᠳᠤ ᠱᠠᠳᠤ ᠪᠠᠷ ᠬᠠᠷᠢᠭᠤᠴᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠤᠨ᠂ ᠱᠠᠳᠤ ᠱᠠᠳᠤ ᠪᠠᠷ ᠲᠠᠷᠤᠯᠳᠠ ᠲᠠᠮᠵᠢᠭᠤᠯᠵᠤ᠂ ᠰᠠᠯᠠᠭ᠎ᠠ ᠮᠦᠴᠢᠷ᠂ ᠭᠤᠬᠴᠤᠭ᠎ᠠ᠂ ᠦᠢᠯᠡᠳᠪᠦᠷᠢᠯᠡᠯ ᠤᠨ ᠬᠡᠰᠡᠭ᠂ ᠠᠵᠢᠯ ᠤᠨ ᠪᠠᠶᠢᠷᠢ ᠪᠦᠷᠢ ᠯᠠᠪᠳᠠᠭᠤᠨ ᠪᠠᠳᠤᠳᠠᠢ ᠠᠵᠢᠯᠯᠠᠵᠣ᠂ ᠠᠶᠤᠯᠬᠦᠢ ᠠᠵᠢᠯᠯᠠᠵᠤ᠂ 《ᠨᠢᠭᠡ ᠡᠷᠭᠢ ᠱᠤᠷᠠᠭ᠂ ᠨᠢᠭᠡ ᠨᠡᠭᠡᠭᠡᠯᠳᠡ ᠶᠢ ᠴᠤ ᠰᠤᠯᠠᠷᠠᠭᠤᠯᠵᠤ ᠪᠤᠯᠬᠤ ᠦᠭᠡᠢ》᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠳᠠ ᠪᠠᠨ ᠦᠨᠡᠨᠭᠦ ᠴᠢᠩᠭᠠᠳᠬᠠᠵᠤ᠂ ᠠᠶᠤᠯᠬᠦᠢ ᠶᠢ ᠰᠡᠷᠬᠡᠶᠢᠯᠡᠨ ᠡᠵᠡᠮᠳᠡᠭᠦ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠨᠵᠢᠯᠡᠭᠦ ᠤᠬᠠᠭᠠᠨᠴᠢ ᠪᠠᠷ ᠬᠦᠭᠵᠢᠭᠦ᠂ ᠡᠮᠬᠢ ᠵᠢᠷᠤᠮ ᠲᠠᠢ ᠬᠦᠭᠵᠢᠭᠦ᠂ ᠠᠶᠤᠯᠭᠦᠢ ᠬᠦᠭᠵᠢᠭᠦ ᠶᠢ ᠦᠨᠡᠨᠬᠦ ᠪᠠᠳᠤᠯᠠᠬᠤ ᠬᠡᠷᠡᠭᠳᠡᠢ ᠬᠡᠪᠡ᠃

    ᠳ᠋ᠦᠩᠱᠧᠩ ᠲᠤᠭᠤᠷᠢᠭ ᠤᠨ ᠤᠶᠤᠨᠳᠣ ᠬᠤᠳᠠ ᠶᠢᠨ ᠬᠠᠮᠳᠣᠷᠠᠨ ᠬᠦᠳᠡᠯᠦᠯᠴᠡᠬᠦ ᠶᠢ ᠵᠢᠯᠤᠭᠤᠳᠬᠤ ᠲᠦᠪ ᠲᠤ᠂ ᠨᠢᠭᠡ ᠲᠤᠮᠤ ᠲᠡᠯᠭᠡᠴᠡ ᠠᠴᠠ ᠭᠤᠤᠯᠳᠠᠯᠭ᠎ᠠ ᠲᠠᠢ ᠠᠵᠤ ᠠᠬᠤᠢᠢᠯᠠᠯ᠂ ᠭᠤᠤᠯᠳᠠᠯᠭ᠎ᠠ ᠲᠠᠢ ᠳᠠᠯᠠᠪᠠᠢ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠢ ᠴᠠᠭ ᠳᠣᠬᠠᠢ ᠳᠤᠨᠢ ᠬᠢᠨᠠᠨ ᠡᠵᠡᠮᠳᠡᠵᠤ᠂ ᠨᠢᠭᠡ ᠰᠢᠰᠲ᠋ᠧᠮ ᠢᠶᠠᠷ ᠬᠢᠨᠠᠨ ᠡᠵᠡᠮᠳᠡᠭᠦ᠂ ᠰᠡᠷᠡᠮᠵᠢᠯᠡᠭᠦᠯᠭᠦ ᠠᠴᠠ ᠪᠠᠴᠢᠮ ᠪᠠᠶᠢᠳᠠᠯ ᠢ ᠠᠷᠭᠠᠴᠠᠬᠤ ᠶᠢ ᠵᠢᠯᠤᠭᠤᠳᠬᠤ ᠬᠦᠷᠳᠡᠯᠡᠬᠢ ᠪᠦᠬᠦ ᠶᠠᠪᠤᠴᠠ ᠶᠢ ᠪᠡᠶᠡᠯᠡᠭᠦᠵᠦ ᠪᠠᠶᠢᠬᠤ ᠶᠢ ᠬᠠᠷᠠᠭᠠᠳ᠂ ᠯᠢ ᠵᠢᠢ ᠾᠧᠩ ᠲᠤᠩ ᠪᠠᠶᠠᠷᠳᠠᠢ ᠪᠠᠶᠢᠯ᠎ᠠ᠃ ᠲᠡᠷᠡ᠂ ᠠᠶᠤᠯᠭᠦᠢ ᠦᠢᠯᠡᠳᠪᠦᠷᠢᠯᠡᠯ ᠡᠴᠦᠰ ᠲᠡᠭᠡᠨ ᠬᠠᠰᠢᠯᠠ ᠰᠢᠨᠵᠢᠯᠡᠭᠦ ᠤᠬᠠᠭᠠᠨ ᠲᠧᠬᠨᠤᠯᠤᠬᠢ ᠳᠤ ᠲᠦᠰᠢᠭᠯᠡᠨ᠎ᠡ᠂ ᠤᠨᠴᠠᠭᠠᠢᠢᠯᠠᠨ ᠲᠤᠮᠤ ᠳ᠋ᠠᠶᠢᠲ᠋ᠠ᠂ ᠡᠭᠦᠯᠡᠨ ᠪᠤᠳᠤᠯᠳᠠ ᠶᠢᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠬᠡᠷᠡᠭᠯᠡᠭᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠴᠢᠳᠠᠪᠤᠷᠢ ᠶᠢ ᠪᠦᠳᠦᠮᠵᠢᠳᠡᠢ ᠲᠡᠭᠡᠭᠰᠢᠯᠡᠭᠦᠯᠭᠦ ᠬᠡᠷᠡᠭᠳᠡᠢ ᠭᠡᠪᠡ᠃ ᠲᠡᠷᠡ ᠤᠷᠳᠤᠰ ᠬᠤᠳᠠ ᠪᠦᠬᠦ ᠣᠷᠣᠨ ᠳᠤ ᠲᠦᠷᠦᠭᠦᠯᠡᠨ ᠪᠦᠬᠦ ᠬᠤᠳᠠ ᠶᠢᠨ ᠬᠡᠪᠴᠢᠶᠡᠨ ᠳᠡᠭᠡᠨ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠬᠢᠵᠢᠯᠳᠡ ᠶᠢᠨ ᠳᠠᠪᠴᠠᠩ ᠢ ᠴᠣᠭᠴᠠᠯᠠᠨ ᠲᠡᠭᠦᠯᠳᠡᠷᠵᠢᠭᠦᠯᠵᠤ᠂ ᠰᠠᠶᠢᠳᠤᠷ ᠠᠰᠢᠬᠯᠠᠵᠤ᠂ ᠤᠷᠤᠨ ᠲᠠᠶᠠᠭᠠᠷ ᠲᠤ ᠲᠠᠭᠤᠷᠢᠶᠠᠯ ᠪᠤᠯᠬᠤ ᠬᠡᠷᠡᠭᠳᠡᠢ ᠬᠡᠵᠤ ᠵᠠᠬᠢᠪᠠ᠃

    ᠪᠠᠶᠢᠴᠠᠭᠠᠭᠰᠠᠨ ᠬᠤᠭᠤᠴᠠᠭᠠᠨ ᠳᠠᠭᠠᠨ᠂ ᠱᠠᠯᠠᠪᠳᠠᠭᠤᠯᠤᠨ ᠪᠠᠶᠢᠴᠠᠭᠠᠬᠤ ᠪᠠᠭ ᠨᠢ ᠪᠠᠰᠠ ᠤᠷᠳᠤᠰ ᠬᠤᠳᠠ ᠶᠢᠨ ᠬᠡᠰᠡᠭ ᠠᠵᠤ ᠠᠬᠤᠢᠢᠯᠠᠯ ᠪᠠ ᠬᠦᠮᠦᠨ ᠠᠮᠠ ᠨᠢᠬᠳᠠ ᠳᠠᠯᠠᠪᠠᠢ ᠲᠠᠯᠠᠪᠤᠷ ᠢ ᠭᠡᠨᠡᠳᠳᠡ ᠪᠠᠷ ᠪᠠᠶᠢᠴᠠᠭᠠᠪᠠ᠃ 27 ᠤ ᠤᠷᠤᠢ ᠶᠢᠨ 7᠄30 ᠴᠠᠭ ᠲᠤ᠂ ᠯᠢ ᠵᠢᠢ ᠾᠧᠩ ᠬᠠᠷᠢᠭᠤ ᠮᠡᠳᠡᠭᠦᠯᠭᠦ ᠬᠤᠷᠠᠯ ᠢ ᠡᠷᠬᠢᠯᠡᠨ ᠬᠤᠷᠠᠯᠳᠤᠭᠤᠯᠵᠤ᠂ ᠤᠷᠳᠤᠰ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠤ ᠴᠢᠬᠤᠯᠠ ᠶᠠᠷᠢᠶ᠎ᠠ ᠲᠠᠯᠪᠢᠪᠠ᠃

    ᠯᠢ ᠵᠢᠢ ᠾᠧᠩ᠂《ᠠᠶᠤᠯᠭᠦᠢ ᠦᠢᠯᠡᠳᠪᠦᠷᠢᠯᠡᠯ ᠬᠦᠮᠦᠨ ᠤ ᠠᠮᠢ ᠨᠠᠰᠤ ᠲᠠᠢ ᠬᠤᠯᠪᠣᠭᠳᠠᠨ᠎ᠠ᠂ ᠠᠶᠤᠯᠭᠦᠢ ᠦᠢᠯᠡᠳᠪᠦᠷᠢᠯᠡᠯ ᠬᠠᠮᠤᠭ ᠠᠴᠠ ᠡᠷᠬᠢᠮ》᠃ ᠤᠷᠤᠨ ᠲᠠᠶᠠᠭᠠᠷ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠠᠴᠠ ᠨᠠᠰᠢ᠂ ᠨᠢᠭᠡ ᠪᠦᠯᠦᠭ ᠠᠶᠤᠯᠬᠦᠢ ᠶᠢᠨ ᠬᠡᠮ ᠰᠤᠭᠤᠭ ᠢ ᠲᠦᠪᠯᠡᠷᠡᠭᠦᠯᠦᠨ ᠠᠷᠢᠯᠭᠠᠵᠤ᠂ ᠨᠢᠭᠡ ᠪᠦᠯᠦᠭ ᠠᠶᠤᠯᠬᠦᠢ ᠶᠢᠨ ᠲᠤᠳᠠᠬᠳᠠᠯ ᠢ ᠴᠠᠭ ᠳᠣᠬᠠᠢ ᠳᠤᠨᠢ ᠨᠦᠭᠦᠪᠦᠷᠢᠯᠡᠵᠤ᠂ ᠤᠷᠤᠨ ᠲᠠᠶᠠᠭᠠᠷ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠤᠬᠳᠠᠭᠤᠨ ᠪᠣᠯᠵᠣ ᠰᠠᠶᠢᠵᠢᠷᠠᠬᠤ ᠬᠠᠨᠳᠣᠰᠢ ᠲᠠᠢ ᠪᠤᠯᠪᠠ᠃ ᠬᠡᠪᠡᠴᠤ ᠪᠠᠶᠢᠳᠠᠯ ᠮᠦᠨᠭᠦ ᠲᠦᠪᠡᠭ ᠪᠤᠳᠤᠯᠢᠶᠠᠨᠳᠠᠢ᠂ ᠬᠠᠨᠤᠮᠵᠢᠳᠠᠢ ᠪᠢᠰᠢ ᠪᠠᠶᠢᠭᠰᠠᠭᠠᠷ᠂ ᠠᠵᠢᠯ ᠮᠦᠨᠭᠦ ᠡᠭᠦᠷᠭᠡ ᠬᠦᠨᠳᠦ ᠵᠠᠮ ᠬᠤᠯᠠ ᠪᠠᠶᠢᠬᠰᠠᠭᠠᠷ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠨᠠᠮ ᠪᠤᠯᠤᠨ ᠢᠷᠬᠡᠳ ᠲᠤ ᠬᠠᠷᠢᠭᠤᠴᠠᠬᠤ ᠤᠪᠤᠷ ᠢᠶᠠᠷ᠂ ᠠᠶᠤᠯᠭᠦᠢ ᠦᠢᠯᠡᠳᠪᠦᠷᠢᠯᠡᠯ ᠭᠡᠰᠡᠨ ᠬᠦᠪᠴᠢ ᠶᠢ ᠴᠠᠭ ᠢᠮᠠᠬᠳᠠ ᠴᠢᠩᠭᠠᠯᠠᠵᠣ᠂ ᠠᠶᠤᠯᠭᠦᠢ ᠦᠢᠯᠡᠳᠪᠦᠷᠢᠯᠡᠯ ᠭᠡᠰᠡᠨ ᠡᠨᠡᠭᠦ ᠲᠠᠪᠠᠵᠤ ᠦᠯᠦ ᠪᠤᠯᠬᠤ ᠴᠠᠭᠠᠵᠠ ᠱᠤᠭᠤᠮ ᠢ ᠪᠠᠳᠤ ᠰᠠᠬᠢᠬᠤ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠵᠦᠪᠰᠢᠶᠡᠷᠡᠯ ᠤᠨ ᠪᠤᠭᠤᠮᠳᠠ᠂ ᠲᠦᠭᠰᠢᠭᠦᠷᠢ ᠶᠢ ᠬᠢᠨᠡᠨ ᠡᠵᠡᠮᠳᠡᠭᠦ ᠪᠤᠭᠤᠮᠳᠠ᠂ ᠦᠨᠳᠦᠰᠦᠨ ᠱᠠᠳᠤᠨ ᠤ ᠰᠠᠭᠤᠷᠢ ᠶᠢ ᠴᠢᠩᠭᠠᠷᠠᠭᠤᠯᠬᠤ ᠪᠤᠭᠤᠮᠳᠠ ᠶᠢ ᠴᠢᠩᠭ᠎ᠠ ᠰᠠᠬᠢᠵᠤ᠂ ᠣᠴᠢᠷ ᠶᠠᠪᠤᠳᠠᠯ ᠢ ᠪᠠᠭ᠎ᠠ ᠠᠴᠠ ᠨᠢ ᠪᠤᠯᠭᠤᠮᠵᠢᠯᠠᠨ ᠬᠡᠷᠡᠭ ᠢ ᠭᠠᠷᠬᠤ ᠠᠴᠠ ᠨᠢ ᠡᠮᠦᠨ᠎ᠠ ᠰᠡᠷᠬᠡᠶᠢᠯᠡᠭᠦ ᠬᠡᠷᠡᠭᠳᠡᠢ᠃ ᠪᠠᠶᠢᠩᠭᠤᠵᠢᠭᠰᠠᠨ ᠪᠠᠶᠢᠴᠠᠭᠠᠯᠳᠠ ᠶᠢ ᠴᠢᠩᠭ᠎ᠠ ᠠᠳᠬᠤᠵᠣ ᠪᠤᠳᠠᠳᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠤᠨᠴᠠᠭᠠᠢᠢᠯᠠᠨ ᠤᠨᠴᠠ ᠶᠡᠭᠡ ᠠᠳᠡᠯ ᠡᠭᠦᠰᠭᠦ ᠶᠢ ᠪᠦᠳᠦᠮᠵᠢᠳᠡᠢ ᠬᠤᠷᠢᠬᠯᠠᠬᠤ ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠠᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠭᠦᠮᠦᠵᠢᠯ ᠢ ᠬᠦᠨᠵᠡᠭᠡᠢ ᠦᠷᠨᠢᠭᠦᠯᠵᠤ᠂ ᠠᠶᠤᠯᠭᠦᠢ ᠦᠢᠯᠡᠳᠪᠦᠷᠢᠯᠡᠯ ᠤᠨ ᠦᠳᠭᠡᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠨᠠᠬᠰᠢᠳᠠ ᠴᠢᠩᠠᠭᠠᠳᠬᠠᠵᠤ᠂ ᠡᠯ᠎ᠠ ᠱᠠᠳᠤᠨ ᠤ ᠬᠠᠷᠢᠭᠤᠴᠠᠯᠭ᠎ᠠ ᠶᠢᠨ ᠭᠤᠤᠯ ᠴᠤᠬᠴᠠ ᠬᠠᠷᠢᠭᠤᠴᠠᠯᠭ᠎ᠠ ᠪᠠᠨ ᠦᠨᠡᠨᠭᠦ ᠡᠭᠦᠷᠬᠡᠯᠡᠨ ᠦᠨᠡᠨᠬᠦ ᠨᠡᠶᠢᠳᠡᠪᠦᠷᠢᠵᠢᠭᠤᠯᠬᠤ ᠬᠡᠷᠡᠭᠳᠡᠢ ᠬᠡᠪᠡ᠃

    ᠯᠢ ᠵᠢᠢ ᠾᠧᠩ᠂ ᠠᠶᠤᠯᠭᠦᠢ ᠦᠢᠯᠡᠳᠪᠦᠷᠢᠯᠡᠯ ᠤᠨ ᠬᠠᠮᠤᠭ ᠤᠨ ᠶᠡᠭᠡ ᠬᠡᠮ ᠰᠤᠭᠤᠭ ᠪᠤᠯ ᠰᠤᠷᠳᠠᠯ ᠪᠣᠳᠠᠳᠠᠢ ᠪᠤᠰᠤ᠂ ᠠᠵᠢᠯ ᠨᠠᠷᠢᠯᠢᠭ ᠪᠤᠰᠤ᠂ ᠱᠠᠭᠠᠷᠳᠠᠯᠭ᠎ᠠ ᠴᠢᠩᠭ᠎ᠠ ᠪᠤᠰᠤ ᠪᠠᠶᠢᠬᠤ ᠶᠠᠪᠣᠳᠠᠯ ᠪᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠲᠤᠮᠳᠠ ᠤᠷᠤᠰᠢᠵᠤ ᠪᠠᠶᠢᠭ᠎ᠠ ᠵᠠᠯᠬᠠᠭᠤ ᠬᠤᠶᠢᠷᠭᠤ ᠰᠤᠯᠠ ᠵᠠᠳᠠᠭᠠᠢ᠂ ᠪᠦᠷᠢᠯᠭᠡᠨ ᠱᠠᠮᠰᠢᠬᠤ᠂ ᠬᠡᠷᠴᠡᠭᠡᠶᠢᠯᠡᠨ ᠪᠠᠯᠠᠮᠠᠳᠯᠠᠬᠤ ᠵᠡᠷᠭᠡ ᠦᠵᠡᠭᠳᠡᠯ ᠪᠠ ᠲᠠᠷᠤᠭ᠎ᠠ ᠰᠠᠭᠤᠭᠠᠳ ᠠᠵᠢᠯ ᠬᠢᠭᠦ ᠦᠭᠡᠢ᠂ ᠨᠤᠶᠠᠨ ᠰᠠᠭᠤᠭᠠᠳ ᠲᠤᠷ᠎ᠠ ᠪᠠᠷ ᠠᠭᠠᠰᠢᠯᠠᠬᠤ ᠵᠡᠷᠭᠡ ᠠᠰᠠᠭᠤᠳᠠᠯ ᠢ ᠲᠡᠮᠦᠷ ᠮᠡᠳᠦ ᠬᠠᠳᠠᠭᠤ ᠰᠡᠳᠬᠢᠯ᠂ ᠴᠢᠩᠭ᠎ᠠ ᠬᠦᠴᠦᠨ ᠪᠦᠬᠦᠢ ᠠᠷᠭ᠎ᠠ ᠬᠡᠮᠵᠢᠶ᠎ᠡ ᠪᠠᠷ ᠴᠡᠭᠴᠡᠯᠡᠨ ᠵᠠᠰᠠᠬᠤ ᠬᠡᠷᠡᠭᠳᠡᠢ᠃ ᠬᠠᠷᠢᠭᠤᠴᠠᠯᠭ᠎ᠠ ᠪᠠᠨ ᠠᠯᠳᠠᠨ ᠲᠤᠰᠢᠶᠠᠯ ᠢᠶᠠᠨ ᠭᠤᠳᠤᠭᠠᠬᠤ᠂ ᠦᠯᠦ ᠮᠡᠳᠡᠭᠦᠯᠬᠦ ᠬᠠᠭᠤᠷᠮᠠᠭ ᠮᠡᠳᠡᠭᠦᠯᠭᠦ ᠵᠡᠷᠭᠡ ᠠᠵᠢᠯᠯᠠᠭ᠎ᠠ ᠶᠢ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠤᠰᠤᠭᠠᠷ ᠴᠢᠩᠭ᠎ᠠ ᠰᠢᠢᠳᠪᠦᠷᠢᠯᠡᠭᠦ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠣᠭᠰᠠᠨ ᠦᠭᠡᠢ ᠠᠵᠤ ᠠᠬᠤᠢᠢᠯᠠᠯ ᠢ ᠴᠡᠭᠴᠡᠯᠡᠭᠦ ᠴᠢᠬᠤᠯᠠ ᠲᠠᠢ ᠶᠢ ᠨᠢ ᠲᠠᠷᠤᠢ ᠲᠦᠷᠭᠡᠨ ᠴᠡᠭᠴᠡᠯᠡᠵᠤ᠂ ᠦᠢᠯᠡᠳᠪᠦᠷᠢᠯᠡᠯ ᠢ ᠨᠢ ᠵᠤᠬᠰᠤᠭᠠᠬᠤ ᠴᠢᠬᠤᠯᠠ ᠲᠠᠢ ᠶᠢ ᠨᠢ ᠵᠠᠪᠠᠯ ᠦᠢᠯᠡᠳᠪᠦᠷᠢᠯᠡᠯ ᠢ ᠨᠢ ᠵᠤᠬᠰᠤᠭᠠᠵᠤ᠂ ᠡᠭᠦᠳᠡ ᠶᠢ ᠨᠢ ᠬᠠᠭᠠᠯᠭᠠᠬᠤ ᠴᠢᠬᠤᠯᠠ ᠲᠠᠢ ᠶᠢ ᠨᠢ ᠡᠷᠡᠰ ᠢᠶᠠᠷ ᠡᠭᠦᠳᠡ ᠶᠢ ᠨᠢ ᠬᠠᠭᠠᠯᠭᠠᠵᠤ᠂ ᠶᠠᠭᠠᠬᠢᠬᠰᠠᠨ ᠴᠤ ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠦᠩᠭᠡ ᠶᠢᠨ ᠠᠮᠤᠷ ᠲᠦᠪᠰᠢᠨ ᠢᠶᠠᠷ ᠮᠦᠷᠦᠢ ᠲᠠᠯᠪᠢᠵᠤ ᠪᠤᠯᠬᠤ ᠦᠭᠡᠢ ᠬᠡᠵᠤ ᠴᠢᠬᠤᠯᠠᠴᠢᠯᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120701120549854