蒙古文网站Logo
ᠰᠢᠨᠬᠤᠸᠠ ᠮᠤᠩᠭ᠋ᠤᠯ ᠨᠧᠲ

ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠳᠠᠪᠤᠳᠤᠭᠠᠷ ᠬᠤᠷᠠᠯ ᠳᠤ ᠤᠷᠤᠯᠴᠠᠬᠤ ᠦᠪᠦᠷ ᠮᠤᠩᠭᠤᠯ ᠤᠨ ᠳᠦᠯᠦᠬᠡᠯᠡᠭᠴᠢᠳ ᠤᠨ ᠪᠦᠬᠦᠳᠡ ᠬᠤᠷᠠᠯ ᠪᠤᠯᠪᠠ

2017-03-04 16:27

    3 ᠰᠠᠷ᠎ᠠ ᠵᠢᠨ 3 ᠤ ᠦᠳᠡ ᠵᠢᠨ ᠬᠣᠢᠢᠨ᠎ᠠ᠂ ᠠᠷᠪᠠᠨ ᠬᠣᠶᠠᠳᠣᠭᠠᠷ ᠬᠣᠭᠣᠴᠠᠭᠠᠨ ᠦ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠣᠷᠠᠯ ᠤᠨ ᠳᠠᠪᠣᠳᠣᠭᠠᠷ ᠬᠣᠷᠠᠯ ᠳ᠋ᠦ ᠣᠷᠣᠯᠴᠠᠬᠣ ᠦᠪᠦᠷ ᠮᠣᠩᠭᠣᠯ ᠤᠨ ᠲᠦᠯᠦᠭᠡᠯᠡᠭᠴᠢᠳ ᠤᠨ ᠪᠦᠯᠬᠦᠮ ᠰᠠᠭᠣᠭ᠎ᠠ ᠭᠠᠵᠠᠷ ᠲᠠᠭᠠᠨ ᠪᠦᠬᠦᠳᠡ ᠬᠣᠷᠠᠯ ᠬᠢᠪᠡ᠃ ᠦᠪᠡᠷᠳᠡᠭᠡᠨ ᠵᠠᠰᠠᠬᠣ ᠣᠷᠣᠨ ᠦ ᠨᠠᠮ ᠤᠨ ᠬᠣᠷᠢᠶ᠎ᠠ ᠵᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠬᠡ ᠬᠣᠷᠠᠯ ᠤᠨ ᠪᠠᠢᠢᠩᠭᠣ ᠵᠢᠨ ᠬᠣᠷᠢᠶ᠎ᠠ ᠵᠢᠨ ᠡᠷᠬᠢᠯᠡᠭᠴᠢ ᠯᠢ ᠵᠢᠢ ᠡᠾᠧᠩ ᠬᠣᠷᠠᠯ ᠡᠷᠬᠢᠯᠡᠪᠡ᠃

    ᠬᠣᠷᠠᠯ ᠡᠴᠡ ᠯᠢ ᠵᠢᠢ ᠡᠾᠧᠩ ᠢ ᠠᠷᠪᠠᠨ ᠬᠣᠶᠠᠳᠣᠭᠠᠷ ᠬᠣᠭᠣᠴᠠᠭᠠᠨ ᠦ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠣᠷᠠᠯ ᠤᠨ ᠳᠠᠪᠣᠳᠣᠭᠠᠷ ᠬᠣᠷᠠᠯ ᠳ᠋ᠦ ᠣᠷᠣᠯᠴᠠᠬᠣ ᠦᠪᠦᠷ ᠮᠣᠩᠭᠣᠯ ᠤᠨ ᠲᠦᠯᠦᠭᠡᠯᠡᠭᠴᠢᠳ ᠤᠨ ᠪᠦᠯᠬᠦᠮ ᠤᠨ ᠳᠠᠷᠣᠭ᠎ᠠ ᠪᠡᠷ ᠳᠡᠪᠰᠢᠭᠦᠯᠦᠨ ᠰᠣᠩᠭᠣᠵᠣ᠂ ᠪᠦ᠋ ᠰᠢᠶᠣᠣ ᠯᠢᠨ᠂ ᠸᠠᠩ ᠯᠢ ᠰᠢᠶᠠ᠂ ᠬᠣᠷᠴᠠ᠂ ᠯᠢ ᠷᠦᠩ ᠰᠢ᠂ ᠯᠢᠶᠠᠨ ᠰᠦ ᠵᠢ ᠪᠦᠯᠬᠦᠮ ᠤᠨ ᠳᠡᠳ᠋ ᠳᠠᠷᠣᠭ᠎ᠠ ᠪᠡᠷ ᠳᠡᠪᠰᠢᠭᠦᠯᠦᠨ ᠰᠣᠩᠭᠣᠵᠠᠢ᠃

    ᠬᠣᠷᠠᠯ ᠡᠴᠡ ᠠᠷᠪᠠᠨ ᠬᠣᠶᠠᠳᠣᠭᠠᠷ ᠬᠣᠭᠣᠴᠠᠭᠠᠨ ᠦ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠣᠷᠠᠯ ᠤᠨ ᠳᠠᠪᠣᠳᠣᠭᠠᠷ ᠬᠣᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠣᠨ ᠨᠠᠷᠢᠨ ᠪᠢᠴᠢᠭ᠌ ᠤᠨ ᠳᠠᠷᠣᠭ᠎ᠠ ᠵᠢᠨ ᠨᠡᠷᠡᠰ ᠤᠨ ᠲᠦᠰᠦᠯ ᠵᠢᠴᠢ ᠬᠣᠷᠠᠯ ᠤᠨ ᠵᠦᠪᠯᠡᠬᠦ ᠵᠦᠢᠯᠡᠰ ᠤᠨ ᠲᠦᠰᠦᠯ ᠵᠡᠷᠭᠡ ᠵᠦᠢᠯᠡᠰ ᠢ ᠬᠢᠨᠠᠨ ᠵᠦᠪᠯᠡᠪᠡ᠃

    ᠯᠢ ᠵᠢᠢ ᠡᠾᠧᠩ᠂ ᠵᠢᠯ ᠪᠦᠷᠢ ᠨᠢᠭᠡ ᠣᠳᠠᠭ᠎ᠠ ᠬᠣᠷᠠᠯᠳᠣᠭᠣᠯᠬᠣ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠣᠷᠠᠯ ᠪᠣᠯ ᠮᠠᠨ ᠦ ᠣᠯᠣᠰ ᠤᠨ ᠣᠯᠣᠰ ᠲᠦᠷᠦ ᠵᠢᠨ ᠦᠪᠡᠳᠡᠭᠰᠢ ᠶᠠᠪᠣᠳᠠᠯ ᠪᠣᠯᠣᠨ᠎ᠠ᠂ ᠪᠦᠬᠦ ᠣᠯᠣᠰ ᠤᠨ ᠦᠨᠳᠦᠰᠦᠳᠡᠨ ᠨᠣᠭᠦᠳ ᠤᠨ ᠠᠷᠠᠳ ᠲᠦᠮᠡᠨ ᠦ ᠣᠯᠣᠰ ᠲᠦᠷᠦ ᠵᠢᠨ ᠠᠮᠢᠳᠣᠷᠠᠯ ᠳᠣᠮᠳᠠᠬᠢ ᠳᠣᠮᠣ ᠶᠠᠪᠣᠳᠠᠯ ᠪᠣᠯᠣᠨ᠎ᠠ᠃ ᠠᠷᠪᠠᠨ ᠬᠣᠶᠠᠳᠣᠭᠠᠷ ᠬᠣᠭᠣᠴᠠᠭᠠᠨ ᠦ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠣᠷᠠᠯ ᠤᠨ ᠳᠠᠪᠣᠳᠣᠭᠠᠷ ᠬᠣᠷᠠᠯ ᠢ ᠰᠠᠢᠢᠳᠣᠷ ᠬᠣᠷᠠᠯᠳᠣᠭᠣᠯᠬᠣ ᠨᠢ᠂ ᠪᠦᠬᠦ ᠣᠯᠣᠰ ᠤᠨ ᠦᠨᠳᠦᠰᠦᠳᠡᠨ ᠨᠣᠭᠦᠳ ᠤᠨ ᠠᠷᠠᠳ ᠲᠦᠮᠡᠨ ᠢ ᠴᠢᠨᠠᠭᠰᠢᠳᠠ ᠵᠣᠷᠢᠭᠵᠢᠭᠣᠯᠣᠨ ᠳᠠᠢᠢᠴᠢᠯᠠᠵᠣ ᠪᠠᠢᠢᠭᠠᠳ ᠰᠢ ᠵᠢᠨ ᠫᠢᠩ ᠨᠦᠬᠦᠷ ᠵᠢᠡᠷ ᠭᠣᠣᠯ ᠪᠣᠯᠭᠠᠭᠰᠠᠨ ᠨᠠᠮ ᠤᠨ ᠲᠦᠪ ᠬᠣᠷᠢᠶ᠎ᠠ ᠵᠢᠨ ᠳᠣᠭᠣᠷᠢᠨ ᠳ᠋ᠦ ᠨᠡᠩ ᠨᠢᠭᠳᠠᠷᠠᠨ ᠪᠦᠯᠬᠦᠮᠳᠡᠵᠦ᠂ ᠨᠠᠮ ᠤᠨ ᠠᠷᠪᠠᠨ ᠨᠠᠶ᠋ᠮᠠᠳᠣᠭᠠᠷ ᠶᠡᠬᠡ ᠬᠣᠷᠠᠯ ᠪᠣᠯᠣᠨ ᠠᠷᠪᠠᠨ ᠨᠠᠶ᠋ᠮᠠᠳᠣᠭᠠᠷ ᠬᠣᠭᠣᠴᠠᠭᠠᠨ ᠦ ᠲᠦᠪ ᠬᠣᠷᠢᠶᠠᠨ ᠦ ᠭᠣᠷᠪᠠᠳᠣᠭᠠᠷ᠂ ᠳᠦᠷᠪᠡᠳᠦᠭᠡᠷ᠂ ᠳᠠᠪᠣᠳᠣᠭᠠᠷ᠂ ᠵᠢᠷᠭᠣᠳᠣᠭᠠᠷ ᠪᠦᠭᠦᠳᠡ ᠬᠣᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠳᠣᠣᠱᠯᠠᠭᠣᠯᠣᠨ ᠨᠠᠢᠢᠳᠠᠪᠣᠷᠢᠵᠢᠭᠣᠯᠵᠣ᠂ ᠶᠡᠷᠦᠩᠬᠡᠢ ᠱᠦᠵᠢ ᠰᠢ ᠵᠢᠨ ᠫᠢᠩ ᠤᠨ ᠰᠢᠷᠢᠰ ᠴᠢᠬᠣᠯᠠ ᠶᠠᠷᠢᠶ᠎ᠠ ᠪᠣᠯᠣᠨ ᠣᠯᠣᠰ ᠢ ᠵᠠᠰᠠᠵᠣ ᠵᠠᠰᠠᠭ ᠢ ᠡᠷᠬᠢᠯᠡᠬᠦ ᠰᠢᠨ᠎ᠠ ᠣᠢᠢᠯᠠᠭᠠᠭᠳᠠᠬᠣᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠣᠬᠣ ᠪᠣᠳᠣᠯᠭ᠎ᠠ ᠵᠢ ᠳᠣᠣᠱᠯᠠᠭᠣᠯᠣᠨ ᠨᠠᠢᠢᠳᠠᠪᠣᠷᠢᠵᠢᠭᠣᠯᠵᠣ᠂《ᠳᠠᠪᠣ ᠵᠢ ᠨᠢᠭᠡ ᠴᠣᠭᠴᠠᠵᠢᠭᠣᠯᠬᠣ 》ᠶᠡᠷᠦᠩᠬᠡᠢ ᠪᠠᠢᠢᠷᠢᠰᠢᠭᠣᠯᠣᠯᠳᠠ ᠵᠢ ᠨᠢᠭᠡᠳᠦᠯᠳᠡᠢ ᠲᠦᠯᠦᠪᠵᠢᠭᠦᠯᠦᠨ ᠠᠬᠢᠭᠣᠯᠬᠣ ᠪᠠ《ᠳᠦᠷᠪᠡᠨ ᠪᠦᠬᠦ ᠳᠠᠯ᠎ᠠ》 ᠵᠢᠨ ᠪᠠᠢᠢᠯᠳᠣᠬᠣ ᠪᠣᠳᠣᠯᠭ᠎ᠠ ᠵᠢᠨ ᠪᠠᠢᠢᠷᠢᠰᠢᠭᠣᠯᠣᠯᠳᠠ ᠵᠢ ᠵᠣᠬᠢᠴᠠᠭᠣᠯᠣᠨ ᠠᠬᠢᠭᠣᠯᠵᠣ᠂ ᠡᠨᠡ ᠵᠢᠯ ᠤᠨ ᠡᠯ᠎ᠠ ᠵᠦᠢᠯ ᠤᠨ ᠬᠠᠷᠠᠯᠳᠠ ᠡᠭᠦᠷᠭᠡ ᠪᠠᠨ ᠪᠡᠶᠡᠯᠡᠭᠦᠯᠬᠦ ᠵᠢᠨ ᠲᠦᠯᠦᠭᠡ ᠴᠢᠷᠮᠠᠢᠢᠨ ᠳᠡᠮᠡᠴᠡᠵᠦ᠂ ᠰᠢᠯᠢᠳᠡᠭ ᠠᠮᠵᠢᠯᠳᠠ ᠪᠡᠷ ᠵᠢᠡᠨ ᠨᠠᠮ ᠤᠨ ᠠᠷᠪᠠ ᠶᠢᠰᠦᠳᠦᠭᠡᠷ ᠶᠡᠬᠡ ᠬᠣᠷᠠᠯ ᠤᠨ ᠢᠯᠠᠯᠳᠠ ᠳᠠᠢ ᠬᠣᠷᠠᠯᠳᠣᠬᠣ ᠵᠢ ᠣᠭᠳᠣᠬᠣ ᠳ᠋ᠦ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ ᠬᠡᠵᠡᠢ᠃

ᠢᠷᠡᠯᠳᠡ᠄ ᠦᠪᠦᠷ ᠮᠤᠩᠭ᠋ᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120701120568614