蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠲᠦᠯᠦᠭᠡᠯᠡᠭᠴᠢᠳ ᠤᠨ ᠪᠠᠭ ᠤᠨ ᠬᠡᠪᠯᠡᠯ ᠮᠡᠳᠡᠬᠡᠯᠡᠯ ᠤᠨ ᠨᠡᠬᠡᠬᠡᠯᠳᠡ ᠲᠠᠢ ᠡᠳᠦᠷ ᠰᠡᠳᠬᠦᠯᠴᠢᠳ ᠤᠨ ᠠᠩᠬᠠᠷᠣᠯ ᠢ ᠶᠡᠬᠡᠪᠡᠷ ᠳᠠᠳᠠᠯ᠎ᠠ

2017-03-07 16:16

    3 ᠰᠠᠷ᠎ᠠ ᠵᠢᠨ 6 ᠤ ᠦᠳᠡ ᠵᠢᠨ ᠬᠣᠢᠢᠨ᠎ᠠ᠂ ᠠᠷᠪᠠᠨ ᠬᠣᠶᠠᠳᠣᠭᠠᠷ ᠬᠣᠭᠣᠴᠠᠭᠠᠨ ᠦ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠣᠷᠠᠯ ᠤᠨ ᠳᠠᠪᠣᠳᠣᠭᠠᠷ ᠬᠣᠷᠠᠯ ᠳ᠋ᠦ ᠣᠷᠣᠯᠴᠠᠵᠣ ᠪᠠᠢᠢᠭ᠎ᠠ ᠦᠪᠦᠷ ᠮᠣᠩᠭᠣᠯ ᠤᠨ ᠲᠦᠯᠦᠭᠡᠯᠡᠭᠴᠢᠳ ᠤᠨ ᠪᠠᠭ ᠪᠦᠬᠦᠳᠡ ᠬᠣᠷᠠᠯ ᠬᠢᠵᠦ᠂ ᠦᠷᠬᠦᠯᠵᠢᠯᠡᠨ ᠵᠠᠰᠠᠭ ᠤᠨ ᠣᠷᠳᠣᠨ ᠦ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠲᠦᠯᠦᠭᠡᠯᠡᠭᠴᠢᠳ ᠤᠨ ᠪᠠᠭ ᠤᠨ ᠳᠠᠷᠣᠭ᠎ᠠ ᠯᠢ ᠵᠢᠢ ᠡᠾᠧᠩ ᠬᠢᠨᠠᠨ ᠵᠦᠪᠯᠡᠬᠦ ᠳ᠋ᠦ ᠣᠷᠣᠯᠴᠠᠵᠣ᠂ ᠲᠦᠯᠦᠭᠡᠯᠡᠭᠴᠢᠳ ᠤᠨ ᠪᠠᠭ ᠤᠨ ᠳᠡᠳ᠋ ᠳᠠᠷᠣᠭ᠎ᠠ ᠪᠦ᠋ ᠰᠢᠶᠣᠣ ᠯᠢᠨ ᠬᠣᠷᠠᠯ ᠡᠷᠬᠢᠯᠡᠪᠡ᠃ ᠲᠦᠷᠦ ᠵᠢᠨ ᠶᠠᠪᠣᠳᠠᠯ ᠤᠨ ᠬᠣᠷᠢᠶᠠᠨ ᠤ ᠠᠯᠪᠠᠨ ᠲᠢᠩᠬᠢᠮ᠂ ᠣᠯᠣᠰ ᠤᠨ ᠬᠦᠭᠵᠢᠭᠦᠯᠦᠯᠳᠡ ᠦᠭᠡᠷᠡᠴᠢᠯᠡᠯᠳᠡ ᠵᠢᠨ ᠵᠦᠪᠯᠡᠯ᠂ ᠡᠳ᠋ ᠤᠨ ᠵᠠᠰᠠᠭ ᠤᠨ ᠶᠠᠮᠣᠨ ᠦ ᠬᠠᠮᠢᠶ᠎ᠠ ᠪᠦᠬᠦᠢ ᠬᠦᠮᠦᠰ ᠬᠣᠷᠠᠯ ᠳ᠋ᠦ ᠣᠷᠣᠯᠴᠠᠵᠣ ᠬᠢᠨᠠᠨ ᠵᠦᠪᠯᠡᠭᠰᠡᠨ ᠰᠠᠨᠠᠯ ᠢ ᠰᠣᠨᠣᠰᠪᠠ᠃

ᠯᠢ ᠵᠢᠢ ᠡᠾᠧᠩ ᠰᠡᠳᠬᠦᠯᠴᠢᠳ ᠤᠨ ᠠᠰᠠᠭᠤᠯᠳᠠ ᠶᠢ ᠬᠠᠷᠢᠭᠤᠯᠪᠠ

    ᠡᠨᠡ ᠣᠳᠠᠭᠠᠨ ᠤ ᠬᠢᠨᠠᠨ ᠵᠦᠪᠯᠡᠬᠦ ᠬᠣᠷᠠᠯ ᠢ ᠣᠯᠣᠰ ᠤᠨ ᠳᠣᠳᠣᠭᠠᠳᠣ ᠭᠠᠳᠠᠭᠠᠳᠣ ᠵᠢᠨ ᠰᠡᠳᠬᠦᠯᠴᠢᠳ  ᠲᠦ ᠨᠡᠭᠡᠭᠡᠯᠳᠡ ᠬᠢᠵᠦ᠂ ᠣᠯᠣᠰ ᠤᠨ ᠳᠣᠳᠣᠭᠠᠳᠣ ᠭᠠᠳᠠᠭᠠᠳᠣ ᠵᠢᠨ 30 ᠭᠠᠷᠣᠢ ᠬᠡᠪᠯᠡᠯ ᠮᠡᠳᠡᠬᠡᠯᠡᠯ ᠤᠨ ᠪᠠᠶᠢᠭᠤᠯᠤᠯᠭ᠎ᠠ ᠶᠢᠨ 70 ᠭᠠᠷᠣᠢ ᠰᠡᠳᠬᠦᠯᠴᠢ ᠬᠣᠷᠠᠯ ᠤᠨ ᠳᠠᠯᠠᠪᠠᠢ ᠳ᠋ᠦ ᠢᠷᠡᠵᠦ ᠰᠣᠯᠠ ᠰᠣᠨᠣᠰᠬᠣ ᠵᠢᠨ ᠬᠠᠮᠳᠣ ᠭᠦᠨᠵᠡᠭᠡᠢ ᠰᠣᠷᠪᠣᠯᠵᠢᠯᠠᠪᠠ᠃ ᠯᠢ ᠵᠢᠢ ᠡᠾᠧᠩ᠂ ᠪᠦ᠋ ᠰᠢᠶᠣᠣ ᠯᠢᠨ ᠵᠡᠷᠭᠡ ᠲᠦᠯᠦᠭᠡᠯᠡᠭᠴᠢ ᠳᠣᠬᠠᠢ ᠵᠢᠨ ᠳᠠᠯᠠᠪᠠᠢ ᠳ᠋ᠦ ᠰᠡᠳᠬᠦᠯᠴᠢ ᠵᠢᠨ ᠠᠰᠠᠭᠣᠯᠳᠠ ᠵᠢ ᠬᠠᠷᠢᠭᠣᠯᠪᠠ᠃

ᠪᠦ᠋ ᠰᠢᠶᠤᠤ ᠯᠢᠨ ᠰᠡᠳᠬᠦᠯᠴᠢᠳ ᠤᠨ ᠠᠰᠠᠭᠤᠯᠳᠠ ᠶᠢ ᠬᠠᠷᠢᠭᠤᠯᠪᠠ

    ᠰᠦᠷᠯᠢᠭ ᠦᠵᠡᠮᠵᠢᠳᠤ ᠦᠪᠦᠷ ᠮᠤᠩᠭᠤᠯ ᠦᠵᠡᠰᠬᠦᠯᠡᠩᠳᠤ ᠰᠠᠢᠢᠬᠠᠨ ᠦᠵᠡᠮᠵᠢ ᠵᠢᠨ ᠤᠷᠤᠨ ᠤᠯᠤᠰ ᠤᠨ ᠲᠤᠳᠤᠭᠠᠳᠤ ᠭᠠᠳᠠᠭᠠᠳᠤ ᠵᠢᠨ ᠰᠡᠳᠬᠦᠯᠴᠢᠳ ᠤᠨ ᠠᠩᠬᠠᠷᠤᠯ ᠢ ᠶᠡᠬᠡᠪᠡᠷ ᠲᠠᠳᠠᠯ᠎ᠠ᠃ ᠬᠡᠳᠦᠢᠢᠪᠡᠷ ᠬᠢᠨᠠᠨ ᠵᠦᠪᠯᠡᠬᠦ ᠬᠤᠷᠠᠯ ᠦᠳᠡ ᠵᠢᠨ ᠬᠤᠢᠢᠨᠠᠬᠢ 3᠄00 ᠴᠠᠭ ᠲᠤ ᠡᠬᠢᠯᠡᠭᠰᠡᠨ ᠴᠤ᠂ ᠦᠳᠡ ᠵᠢᠨ ᠬᠤᠢᠢᠨᠠᠬᠢ 2᠄00 ᠴᠠᠬ ᠪᠤᠯᠤᠭ᠎ᠠ ᠦᠬᠡᠢ ᠪᠡᠷ ᠰᠡᠳᠬᠦᠯᠴᠢᠳ ᠲᠦᠯᠦᠭᠡᠯᠡᠭᠴᠢᠳ ᠤᠨ ᠪᠠᠭ ᠤᠨ ᠬᠢᠨᠠᠨ ᠵᠦᠪᠯᠡᠬᠦ ᠬᠤᠷᠠᠯ ᠤᠨ ᠲᠠᠯᠠᠪᠠᠢ ᠳ᠋ᠤ ᠬᠦᠷᠦᠯᠴᠡᠨ ᠢᠷᠡᠵᠡᠬᠡᠵᠦ᠂ ᠦᠪᠦᠷ ᠮᠤᠩᠭᠤᠯ ᠤᠨ ᠬᠠᠮᠢᠶᠠᠳᠠᠢ ᠬᠠᠮᠤᠬ ᠤᠨ ᠰᠢᠨ᠎ᠠ ᠮᠡᠳᠡᠬᠡ ᠵᠠᠩᠬᠢ ᠵᠢ ᠠᠯᠢ ᠲᠦᠷᠭᠡᠨ ᠤᠢᠢᠯᠠᠭᠠᠬᠤ ᠪᠡᠷ ᠶᠠᠭᠠᠷᠠᠯᠳᠤᠨ᠎ᠠ᠃

    ᠠᠷᠠᠳ ᠤᠨ ᠡᠳᠦᠷ ᠤᠨ ᠰᠤᠨᠢᠨ᠂ ᠰᠢᠨᠬᠤᠸᠠ ᠬᠤᠷᠢᠶ᠎ᠠ᠂ ᠲᠦᠪ ᠤᠨ ᠠᠷᠠᠳ ᠤᠨ ᠷᠠᠳ᠋ᠢᠣ᠋ ᠨᠡᠪᠲᠡᠷᠡᠬᠦᠯᠬᠡ ᠵᠢᠨ ᠬᠤᠷᠢᠶ᠎ᠠ᠂ ᠲᠦᠪ ᠤᠨ ᠲᠧᠯᠧᠶ᠋ᠰ ᠬᠤᠷᠢᠶ᠎ᠠ᠂ ᠲᠤᠮᠳᠠᠳᠤ ᠤᠯᠤᠰ ᠤᠨ ᠰᠤᠨᠢᠨ ᠮᠡᠳᠡᠬᠡ ᠵᠢᠨ ᠬᠤᠷᠢᠶ᠎ᠠ᠂ ᠭᠤᠸᠠᠩᠮᠢᠩ ᠡᠳᠦᠷ ᠤᠨ ᠰᠤᠨᠢᠨ᠂ ᠡᠳ᠋ ᠤᠨ ᠵᠠᠰᠠᠭ ᠤᠨ ᠡᠳᠦᠷ ᠤᠨ ᠰᠤᠨᠢᠨ᠂ ᠭᠠᠷᠣᠳᠢ ᠤᠳᠤᠨ ᠲᠧᠯᠧᠶ᠋ᠰ᠂ ᠨᠠᠨᠬᠤᠸᠠ ᠦᠷᠯᠦᠬᠡ ᠵᠢᠨ ᠰᠤᠨᠢᠨ᠂ ᠰᠢᠶ᠍᠋ᠠᠩᠭᠠᠩ ᠤᠨ ᠳ᠋ᠠ ᠬᠦᠩ ᠸᠧᠨ ᠡᠾᠦ᠋ᠢ ᠬᠡᠪᠯᠡᠯ ᠮᠡᠳᠡᠬᠡᠯᠡᠯ ᠤᠨ ᠪᠦᠯᠦᠭᠯᠡᠯ᠂ ᠲᠤᠮᠳᠠᠳᠤ ᠤᠯᠤᠰ ᠤᠨ ᠵᠢᠭᠤᠯᠴᠢᠯᠠᠯ ᠪᠣᠯᠣᠨ ᠡᠳ᠋ ᠤᠨ ᠵᠠᠰᠠᠭ ᠤᠨ ᠲᠧᠯᠧᠶ᠋ᠰ ᠬᠤᠷᠢᠶ᠎ᠠ ᠬᠢᠬᠡᠳ ᠠᠮᠧᠷᠢᠺᠠ ᠵᠢᠨ ᠫᠧᠩ ᠪᠦᠧᠧ ᠰᠤᠨᠢᠨ ᠮᠡᠳᠡᠬᠡ ᠵᠢᠨ ᠬᠤᠷᠢᠶ᠎ᠠ᠂ ᠠᠩᠭ᠍ᠯᠢ ᠵᠢᠨ ᠷᠦᠲ᠋ᠧᠷ ᠬᠤᠷᠢᠶ᠎ᠠ᠂ ᠠᠩᠭ᠍ᠯᠢ ᠵᠢᠨ ᠡᠳ᠋ ᠤᠨ ᠵᠠᠰᠠᠭ ᠤᠨ ᠤᠬᠠᠭᠠᠨᠳᠠᠨ ᠤ ᠭᠠᠷᠠᠬ ᠤᠨ ᠰᠡᠳᠬᠦᠯ᠂ ᠶᠠᠫᠤᠨ ᠤ ᠬᠦᠩᠲ᠋ᠦ᠋ᠩ ᠬᠤᠷᠢᠶ᠎ᠠ ᠵᠡᠷᠬᠡ ᠤᠯᠤᠰ ᠤᠨ ᠲᠤᠳᠤᠭᠠᠳᠤ ᠭᠠᠳᠠᠭᠠᠳᠤ ᠵᠢᠨ ᠬᠡᠪᠯᠡᠯ ᠮᠡᠳᠡᠬᠡᠯᠡᠯ ᠤᠨ ᠬᠢᠨ ᠤ ᠰᠡᠳᠬᠦᠯᠴᠢᠳ ᠦᠪᠦᠷ ᠮᠤᠩᠭᠤᠯ ᠤᠨ ᠡᠬᠡ ᠤᠯᠤᠰ ᠤᠨ ᠤᠮᠠᠷᠠᠳᠤ ᠵᠢᠨ ᠦᠵᠡᠰᠬᠦᠯᠡᠩᠳᠤ ᠰᠠᠢᠢᠬᠠᠨ ᠦᠵᠡᠮᠵᠢ ᠵᠢᠨ ᠤᠷᠤᠨ ᠦ ᠪᠦᠲᠦᠬᠡᠨ ᠪᠠᠢᠢᠭᠤᠯᠣᠯᠳᠠ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠰᠡᠨ ᠬᠦᠭᠵᠢᠯᠳᠡ᠂ ᠪᠦᠬᠦᠢᠢᠯᠡ ᠤᠷᠤᠨ ᠪᠦᠰᠡ ᠵᠢᠨ ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠵᠡᠷᠬᠡ ᠳ᠋ᠤ ᠮᠠᠰᠢ ᠰᠤᠨᠢᠷᠬᠠᠯ ᠲᠦᠷᠦᠵᠦ᠂ ᠶᠠᠪᠣᠬᠣ ᠳᠣᠳᠣᠮ ᠵᠢᠡᠨ ᠨᠡᠬᠡᠬᠡᠯᠳᠡ ᠬᠢᠵᠦ ᠪᠤᠢ ᠦᠪᠦᠷ ᠮᠤᠩᠭᠤᠯ ᠲᠡᠯᠡᠬᠡᠢ ᠵᠢᠨ ᠬᠠᠷᠠᠭ᠎ᠠ ᠵᠢ ᠪᠤᠯᠢᠶᠠᠯ᠎ᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120584327