蒙古文网站Logo
ᠰᠢᠨᠬᠤᠸᠠ ᠮᠤᠩᠭ᠋ᠤᠯ ᠨᠧᠲ

ᠪᠦᠬᠦ ᠤᠯᠤᠰ ᠤᠨ ᠬᠤᠶᠠᠷ ᠬᠤᠷᠠᠯ ᠳᠤ ᠤᠷᠤᠯᠴᠠᠵᠤ ᠪᠠᠶᠢᠭ᠎ᠠ ᠦᠪᠦᠷ ᠮᠤᠩᠭᠤᠯ ᠤᠨ ᠬᠡᠰᠢᠬᠦᠳ 116 ᠰᠠᠨᠠᠯ ᠳᠤᠷᠠᠳᠤᠯᠭ᠎ᠠ ᠳᠡᠪᠰᠢᠬᠦᠯᠪᠡ

2017-03-13 10:24

    ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠠᠪᠤᠳᠤᠭᠠᠷ ᠬᠤᠷᠠᠯ ᠤᠨ ᠬᠤᠭᠤᠴᠠᠭᠠᠨ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠢ ᠳᠦᠯᠦᠬᠡᠯᠡᠨ ᠤᠷᠤᠯᠴᠠᠵᠤ ᠪᠠᠶᠢᠭ᠎ᠠ 26 ᠬᠡᠰᠢᠬᠦᠨ ᠨᠡᠶᠢᠳᠡ 116 ᠰᠠᠨᠠᠯ ᠳᠤᠷᠠᠳᠤᠯᠭ᠎ᠠ ᠳᠡᠪᠰᠢᠬᠦᠯᠪᠡ᠃ 73 ᠰᠠᠨᠠᠯ ᠳᠤᠷᠠᠳᠤᠯᠭ᠎ᠠ ᠶᠢ ᠨᠢ ᠬᠢᠨᠠᠨ ᠳᠤᠳᠤᠯᠠᠭᠰᠠᠨ ᠤ ᠳᠤᠳᠤᠷ᠎ᠠ 40 ᠰᠠᠨᠠᠯ ᠳᠤᠷᠠᠳᠤᠯᠭ᠎ᠠ ᠶᠢ ᠨᠢ ᠴᠢᠬᠤᠯᠠᠴᠢᠯᠠᠨ ᠦᠵᠡᠵᠤ ᠬᠠᠮᠢᠶᠠᠳᠠᠢ ᠪᠠᠶᠢᠭᠤᠯᠤᠯᠭ᠎ᠠ ᠨᠢᠬᠡᠴᠡ ᠳᠤ ᠳᠡᠪᠰᠢᠬᠦᠯᠵᠡᠢ᠃

    ᠡᠳᠡᠬᠡᠷ ᠰᠠᠨᠠᠯ ᠳᠤᠷᠠᠳᠤᠯᠭ᠎ᠠ ᠨᠤᠭᠤᠳ ᠨᠢ ᠡᠮ ᠡᠮᠨᠡᠯᠬᠡ ᠡᠷᠡᠬᠦᠯ ᠮᠡᠨᠳᠦ᠂ ᠠᠮᠢ ᠠᠬᠤᠢ ᠪᠠᠶᠢᠭᠠᠯᠢ ᠤᠷᠴᠢᠨ᠂ ᠢᠷᠬᠡᠳ ᠤᠨ ᠠᠮᠢᠵᠢᠷᠠᠭᠠᠨ ᠤ ᠪᠠᠳᠤᠯᠠᠭ᠎ᠠ᠂ ᠳᠡᠳ᠋ ᠪᠦᠳᠦᠴᠡ ᠶᠢᠨ ᠪᠠᠶᠢᠭᠤᠯᠤᠯᠳᠠ᠂ ᠰᠤᠶᠤᠯ ᠰᠤᠷᠭᠠᠨ ᠬᠦᠮᠦᠵᠢᠯ᠂ ᠰᠢᠨᠵᠢᠯᠡᠬᠦ ᠲᠧᠭᠨᠤᠯᠤᠬᠢ ᠶᠢᠨ ᠰᠢᠨ᠎ᠡ ᠡᠬᠦᠳᠦᠯᠳᠡ᠂ ᠭᠠᠳᠠᠭᠠᠳᠤ ᠳᠤ ᠨᠡᠬᠡᠬᠡᠯᠳᠡ ᠲᠠᠢ ᠪᠠᠶᠢᠯᠭᠠᠬᠤ᠂ ᠪᠦᠰᠡᠴᠢᠯᠡᠭᠰᠡᠨ ᠵᠤᠬᠢᠴᠠᠭᠤᠯᠤᠯᠭ᠎ᠠ᠂ ᠠᠵᠤ ᠦᠢᠯᠡᠰ ᠤᠨ ᠬᠦᠭᠵᠢᠯᠳᠡ ᠵᠡᠷᠬᠡ ᠴᠠᠷ᠎ᠠ ᠬᠦᠷᠢᠶ᠎ᠡ ᠶᠢ ᠬᠠᠮᠤᠷᠴᠠᠢ᠃ ᠠᠭᠤᠯᠭ᠎ᠠ ᠨᠢ ᠭᠤᠤᠯᠳᠠᠭᠤ ᠡᠪᠡᠰᠦ ᠪᠤᠷᠳᠤᠭ᠎ᠠ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ᠂ ᠳᠠᠯ᠎ᠠ ᠨᠤᠳᠤᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠡᠷᠬᠡ ᠶᠢ ᠴᠢᠩᠭᠠᠳᠬᠠᠬᠤ᠂ ᠤᠨᠴᠠᠯᠢᠭ ᠲᠠᠢ ᠵᠢᠵᠢᠭ᠌ ᠬᠤᠳᠠ ᠪᠠᠯᠭᠠᠰᠤ ᠶᠢ ᠪᠠᠶᠢᠭᠤᠯᠵᠤ ᠶᠠᠳᠠᠭᠤ ᠬᠦᠴᠢᠷᠳᠡᠯᠳᠡᠢ ᠰᠢᠶᠠᠩ ᠳᠤᠰᠬᠤᠨ ᠢ ᠶᠠᠳᠠᠭᠤ ᠡᠴᠡ ᠠᠩᠬᠢᠵᠢᠷᠠᠭᠤᠯᠬᠤ᠂ ᠮᠤᠩᠭᠤᠯ ᠡᠮ ᠡᠮᠨᠡᠯᠬᠡ ᠶᠢᠨ ᠤᠳᠤᠬᠢᠴᠢᠯᠠᠭᠰᠠᠨ ᠰᠢᠨᠵᠢᠯᠡᠬᠦ ᠲᠧᠭᠨᠤᠯᠤᠬᠢ ᠶᠢᠨ ᠰᠢᠨ᠎ᠡ ᠡᠬᠦᠳᠦᠯᠳᠡ ᠪᠠ ᠴᠢᠳᠠᠪᠤᠷᠢᠳᠠᠨ ᠤ ᠪᠤᠯᠪᠠᠰᠤᠷᠠᠯ ᠢ ᠳᠡᠮᠵᠢᠬᠦ᠂ ᠦᠪᠦᠷ ᠮᠤᠩᠭᠤᠯ ᠤᠨ ᠪᠠᠷᠠᠭᠤᠨ ᠪᠦᠰᠡ ᠨᠤᠳᠤᠭ ᠤᠨ ᠴᠠᠬᠢᠯᠭᠠᠨ ᠤ ᠳᠤᠤᠷ ᠰᠦᠯᠵᠢᠶ᠎ᠡ ᠪᠤᠯᠤᠨ ᠤᠨᠴᠠ ᠦᠨᠳᠦᠷ ᠬᠦᠴᠦᠳᠡᠯᠳᠦ ᠴᠠᠬᠢᠯᠭᠠᠨ ᠤ ᠳᠤᠤᠷ ᠰᠦᠯᠵᠢᠶᠡᠨ ᠤ ᠪᠠᠶᠢᠭᠤᠯᠤᠯᠳᠠ ᠶᠢ ᠠᠬᠢᠭᠤᠯᠬᠤ᠂ ᠦᠨᠳᠦᠰᠦᠳᠡᠨ ᠤ ᠤᠷᠤᠨ ᠤ ᠬᠢᠯᠢ ᠶᠢᠨ ᠬᠤᠳᠠᠯᠳᠤᠭ᠎ᠠ ᠶᠢ ᠡᠷᠴᠢᠮᠵᠢᠬᠦᠯᠬᠦ ᠵᠡᠷᠬᠡ ᠳᠠᠯ᠎ᠠ ᠳᠤ ᠬᠤᠯᠪᠤᠭᠳᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120617075