蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠤᠯ ᠤᠨ ᠲᠦᠯᠦᠭᠡᠯᠡᠭᠴᠢᠳ ᠤᠨ ᠪᠠᠭ《ᠬᠤᠶᠠᠷ ᠳᠡᠭᠡᠳᠦ ᠬᠤᠷᠢᠶ᠎ᠠ》 ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠪᠡ

2017-03-13 11:52

    3 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠬᠤᠷᠠᠯ ᠳᠤ ᠣᠷᠣᠯᠴᠠᠵᠣ ᠪᠠᠶᠢᠭ᠎ᠠ ᠦᠪᠦᠷ ᠮᠣᠩᠭᠤᠯ ᠤᠨ ᠲᠦᠯᠦᠭᠡᠯᠡᠭᠴᠢᠳ ᠤᠨ ᠪᠠᠭ ᠰᠠᠭᠤᠭ᠎ᠠ ᠭᠠᠵᠠᠷ ᠲᠠᠭᠠᠨ ᠪᠠᠭ ᠤᠨ ᠪᠦᠭᠦᠳᠡ ᠬᠤᠷᠠᠯ ᠬᠢᠪᠡ᠃

    ᠬᠤᠷᠠᠯ ᠨᠢ ᠬᠤᠶᠠᠷ ᠱᠠᠳᠣ ᠬᠤᠪᠢᠶᠠᠨ ᠶᠠᠪᠣᠭᠳᠠᠵᠣ᠂ ᠨᠢᠭᠡᠳᠦᠭᠡᠷ ᠱᠠᠳᠣᠨ ᠳᠤᠨᠢ ᠢᠷᠭᠡᠨ ᠤ ᠬᠠᠣᠯᠢ ᠶᠢᠨ ᠶᠡᠷᠦᠩᠬᠡᠢ ᠳᠦᠷᠢᠮ ᠤᠨ ᠲᠦᠰᠦᠯ ᠳᠤ ᠵᠠᠰᠠᠪᠣᠷᠢ ᠣᠷᠣᠭᠤᠯᠣᠭᠰᠠᠨ ᠨᠣᠣᠷᠠᠭ᠂ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠣᠷᠣᠨ ᠳᠤᠭ᠎ᠠ ᠪᠣᠯᠣᠨ ᠰᠣᠩᠭᠤᠭᠤᠯᠢ ᠶᠢᠨ ᠠᠰᠠᠭᠤᠳᠠᠯ ᠤᠨ ᠳᠣᠬᠠᠢ ᠳᠣᠭᠳᠠᠭᠠᠯ ᠤᠨ ᠲᠦᠰᠦᠯ ᠳᠤ ᠵᠠᠰᠠᠪᠣᠷᠢ ᠣᠷᠣᠭᠤᠯᠣᠭᠰᠠᠨ ᠨᠣᠣᠷᠠᠭ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠣᠩᠭᠤᠬᠤ ᠠᠷᠭ᠎ᠠ ᠶᠢᠨ ᠲᠦᠰᠦᠯ ᠳᠤ ᠵᠠᠰᠠᠪᠣᠷᠢ ᠣᠷᠣᠭᠤᠯᠣᠭᠰᠠᠨ ᠨᠣᠣᠷᠠᠭ᠂ ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠤ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠣᠩᠭᠤᠬᠤ ᠠᠷᠭ᠎ᠠ ᠶᠢᠨ ᠲᠦᠰᠦᠯ ᠳᠤ ᠵᠠᠰᠠᠪᠣᠷᠢ ᠣᠷᠣᠭᠤᠯᠣᠭᠰᠠᠨ ᠨᠣᠣᠷᠠᠭ ᠢ ᠬᠢᠨᠠᠨ ᠵᠦᠪᠯᠡᠵᠦ᠂ ᠬᠤᠶᠠᠳᠣᠭᠠᠷ ᠱᠠᠳᠣᠨ ᠳᠤᠨᠢ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠳᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠪᠡ᠃

    ᠯᠢ ᠵᠢᠢ ᠾᠧᠩ᠂ ᠪᠦ᠋ ᠰᠢᠶᠣᠣ ᠯᠢᠨ ᠵᠡᠷᠭᠡ ᠲᠦᠯᠦᠭᠡᠯᠡᠭᠴᠢ ᠦᠭᠡ ᠬᠡᠯᠡᠵᠦ᠂ ᠲᠦᠪ ᠤᠨ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠶᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠳᠤ ᠰᠠᠭᠤᠭ᠎ᠠ ᠰᠠᠬᠢᠯᠭ᠎ᠠ ᠪᠠᠳᠣ ᠪᠠᠶᠢᠴᠠᠭᠠᠬᠤ ᠪᠠᠭ ᠤᠨ ᠳᠠᠷᠤᠭ᠎ᠠ ᠯᠢᠦ ᠬᠠᠢ ᠴᠢᠣᠸᠠᠨ ᠬᠤᠷᠠᠯ ᠳᠤ ᠣᠷᠣᠯᠴᠠᠨ ᠬᠢᠨᠠᠨ ᠵᠦᠪᠯᠡᠭᠰᠡᠨ ᠰᠠᠨᠠᠯ ᠢ ᠰᠣᠨᠣᠰᠴᠣ᠂ ᠸᠠᠩ ᠵᠢᠶᠦ᠋ᠨ᠂ ᠸᠠᠩ ᠯᠢ ᠰᠢᠶᠠ᠂ ᠶᠦᠨ ᠹᠧᠩ᠂ ᠣᠷᠳᠣ᠂ ᠯᠢᠦ ᠵᠢᠶᠦ᠋ᠨ ᠴᠧᠨ᠂ ᠯᠢᠶᠠᠩ ᠲᠢᠶᠧ ᠴᠧᠩ ᠵᠡᠷᠭᠡ ᠲᠦᠯᠦᠭᠡᠯᠡᠭᠴᠢ ᠬᠤᠷᠠᠯ ᠳᠤ ᠣᠷᠣᠯᠴᠠᠵᠣ᠂ ᠯᠢᠶᠠᠨ ᠰᠦ ᠬᠤᠷᠠᠯ ᠡᠷᠬᠢᠯᠡᠪᠡ᠃

    ᠯᠢ ᠵᠢᠢ ᠾᠧᠩ ᠲᠦᠯᠦᠭᠡᠯᠡᠭᠴᠢ᠂ ᠠᠷᠠᠳ ᠤᠨ ᠳᠡᠭᠡᠳᠦ ᠰᠢᠭᠦᠬᠦ ᠬᠤᠷᠢᠶ᠎ᠠ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠨᠢ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠬᠠᠣᠯᠢᠵᠢᠯ ᠤᠨ ᠵᠠᠮ ᠤᠨ ᠣᠷᠣᠭᠰᠢᠯᠠᠯᠳᠠ ᠶᠢᠨ ᠴᠢᠭᠯᠡᠯ ᠢ ᠡᠵᠡᠮᠰᠢᠵᠦ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠶᠢ ᠳᠣᠣᠱᠯᠠᠭᠤᠯᠵᠣ᠂ ᠬᠠᠣᠯᠢ ᠶᠠᠪᠣᠭᠤᠯᠬᠤ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠪᠣᠳᠠᠳᠠᠢ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠣ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠯᠡᠷᠡᠭᠦᠯᠵᠦ᠂ ᠠᠷᠠᠳ ᠣᠯᠠᠨ ᠲᠦᠮᠡᠨ ᠤ ᠬᠠᠯᠠᠮᠵᠢᠯᠠᠨ ᠠᠩᠬᠠᠷᠴᠣ ᠪᠠᠶᠢᠭ᠎ᠠ ᠵᠦᠢᠯ ᠳᠤ ᠨᠡᠶᠢᠴᠡᠭᠦᠯᠪᠡ᠂ ᠬᠤᠶᠠᠷ ᠮᠡᠳᠡᠭᠦᠯᠦᠯᠳᠡ ᠪᠣᠯ ᠣᠯᠣᠰ ᠲᠦᠷᠦ ᠶᠢ ᠡᠷᠬᠢᠮᠯᠡᠭᠰᠡᠨ᠂ ᠬᠠᠷᠢᠭᠤᠴᠠᠯᠭ᠎ᠠ ᠡᠭᠦᠷᠭᠡᠯᠡᠭᠰᠡᠨ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ ᠠᠵᠢᠯ ᠬᠢᠳᠡᠯ ᠲᠠᠢ ᠪᠣᠯᠣᠭᠰᠠᠨ ᠰᠠᠶᠢᠨ ᠮᠡᠳᠡᠭᠦᠯᠦᠯᠳᠡ ᠪᠣᠯᠵᠠᠢ᠂ ᠪᠢ ᠪᠦᠷᠢᠮᠦᠰᠦᠨ ᠵᠦᠪᠰᠢᠶᠡᠷᠡᠵᠦ ᠪᠠᠶᠢᠨ᠎ᠠ᠃ ᠦᠡᠭᠭᠡᠷᠡᠭᠰᠡᠨ ᠨᠢᠭᠡ ᠵᠢᠯ ᠳᠤ᠂ ᠠᠷᠠᠳ ᠤᠨ ᠲᠡᠭᠡᠳᠤ ᠰᠢᠭᠦᠬᠦ ᠬᠤᠷᠢᠶ᠎ᠠ《ᠬᠠᠤᠯᠢ ᠶᠠᠪᠣᠭᠤᠯᠣᠭᠰᠠᠨ ᠬᠡᠷᠡᠭ ᠪᠦᠭᠦᠨ ᠠᠴᠠ ᠤᠯᠠᠨ ᠲᠦᠮᠡᠨ ᠳᠤ ᠡᠷᠭᠡ ᠲᠡᠭᠰᠢ ᠲᠦᠪ ᠭᠤᠤᠯᠴᠢ ᠶᠢᠨ ᠬᠦᠷᠳᠡᠭᠡᠮᠵᠢ ᠤᠯᠭᠤᠬᠤ》 ᠬᠠᠷᠠᠯᠳᠠ ᠶᠢᠨ ᠲᠤᠭᠤᠷᠢᠨ ᠳᠤ᠂ ᠠᠷᠠᠳ ᠤᠨ ᠲᠦᠯᠦᠭᠡ ᠬᠠᠤᠯᠢ ᠶᠠᠪᠣᠭᠤᠯᠬᠤ᠂ ᠲᠦᠪ ᠭᠤᠤᠯᠴᠢ ᠬᠠᠤᠯᠢ ᠶᠠᠪᠣᠭᠤᠯᠬᠤ ᠭᠤᠤᠯ ᠱᠤᠭᠤᠮ ᠢ ᠪᠠᠳᠤ ᠡᠵᠡᠮᠰᠢᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠤᠷᠢᠯᠡᠭᠦ ᠴᠢᠨᠠᠷ ᠴᠢᠨᠰᠠᠭ᠎ᠠ ᠪᠠ ᠦᠷ᠎ᠠ ᠪᠦᠲᠦᠮᠵᠢ ᠪᠠᠨ ᠪᠦᠭᠦ ᠲᠠᠯ᠎ᠠ ᠪᠠᠷ ᠲᠡᠭᠡᠭᠰᠢᠯᠡᠭᠦᠯᠵᠦ᠂ ᠬᠠᠤᠯᠢ ᠶᠠᠪᠣᠭᠤᠯᠬᠤ ᠦᠭᠡᠷᠡᠴᠢᠯᠠᠯᠳᠠ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂ ᠬᠠᠤᠯᠢ ᠶᠠᠪᠣᠭᠤᠯᠬᠤ ᠢᠳᠡᠭᠡᠭᠦᠯᠭᠦ ᠬᠦᠴᠦᠨ ᠪᠠ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠠ ᠶᠢ ᠢᠯᠡᠷᠭᠡᠢ ᠲᠡᠭᠡᠭᠰᠢᠯᠡᠭᠦᠯᠪᠠ᠃ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠠᠵᠢᠯ ᠢ ᠡᠳ᠋ ᠤᠨ ᠵᠠᠰᠠᠭ ᠨᠡᠶᠢᠭᠡᠮ ᠤᠨ ᠶᠡᠭᠡ ᠲᠠᠯ᠎ᠠ ᠳᠤ ᠲᠠᠯᠪᠢᠨ ᠲᠦᠯᠦᠪᠵᠢᠭᠦᠯᠦᠨ ᠠᠬᠢᠭᠤᠯᠵᠣ᠂ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠬᠠᠤᠯᠢ ᠶᠠᠪᠣᠭᠤᠯᠬᠤ ᠪᠠᠶᠢᠭᠤᠯᠤᠮᠵᠢ ᠶᠢᠨ ᠦᠭᠡᠷᠡᠴᠢᠯᠠᠯᠳᠠ ᠪᠠ ᠡᠷᠰ ᠪᠠᠳᠣ ᠡᠩᠨᠡᠭᠡ ᠶᠢᠨ ᠪᠠᠶᠢᠭᠤᠯᠤᠯᠳᠠ ᠶᠢᠨ ᠲᠡᠭᠡᠷ᠎ᠠ ᠬᠦᠴᠦᠨ ᠢᠶᠠᠨ ᠲᠦᠪᠯᠡᠷᠡᠭᠦᠯᠵᠦ᠂ ᠡᠯ᠎ᠠ ᠵᠦᠢᠯ ᠤᠨ ᠠᠵᠢᠯ ᠳᠠᠭᠠᠨ ᠴᠦᠮ ᠰᠢᠨ᠎ᠠ ᠠᠬᠢᠴᠠ ᠰᠢᠨ᠎ᠠ ᠦᠷ᠎ᠡ ᠪᠦᠲᠦᠮᠵᠢ ᠲᠠᠢ ᠪᠤᠯᠪᠠ ᠭᠡᠵᠡᠢ᠃

    ᠯᠢ ᠵᠢᠢ ᠾᠸᠡᠭ᠂ ᠤᠢᠢᠷ᠎ᠠ ᠶᠢᠨ ᠵᠢᠯ ᠳᠤ᠂ 《ᠬᠤᠶᠠᠷ ᠲᠡᠭᠡᠳᠤ ᠬᠤᠷᠢᠶ᠎ᠠ》 ᠶᠢᠨ ᠬᠠᠯᠠᠮᠵᠢᠯᠠᠯ ᠵᠢᠯᠤᠭᠤᠳᠤᠯᠭ᠎ᠠ ᠲᠤᠤᠷ᠎ᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠰᠢᠭᠦᠭᠦ ᠬᠤᠷᠢᠶ ᠎ᠠ᠂ ᠪᠠᠶᠢᠴᠠᠭᠠᠬᠤ ᠬᠤᠷᠢᠶ᠎ᠠ ᠬᠠᠤᠯᠢ ᠬᠡᠷᠡᠭᠵᠢᠭᠦᠯᠦᠨ ᠬᠡᠷᠡᠭ ᠰᠢᠢᠳᠪᠤᠷᠢᠯᠡᠭᠦ᠂ ᠬᠠᠤᠯᠢ ᠶᠠᠪᠣᠭᠤᠯᠬᠤ ᠦᠭᠡᠷᠡᠴᠢᠯᠠᠯᠳᠠ᠂ ᠮᠡᠳᠡᠭᠡ ᠵᠠᠩᠭᠢᠵᠢᠯᠳᠡ ᠶᠢᠨ ᠪᠠᠶᠢᠭᠤᠯᠤᠯᠳᠠ᠂ ᠡᠩᠨᠡᠭᠡ ᠶᠢᠨ ᠪᠠᠶᠢᠭᠤᠯᠤᠯᠳᠠ ᠵᠡᠷᠭᠡ ᠲᠠᠯ᠎ᠠ ᠳᠤ ᠮᠠᠰᠢ ᠲᠠᠪᠰᠢᠯᠳᠠ ᠲᠠᠢ ᠪᠤᠯᠵᠦ᠂ ᠬᠠᠤᠯᠢ ᠴᠠᠭᠠᠵᠠ ᠶᠢᠨ ᠡᠷᠭᠡ ᠲᠡᠭᠰᠢ ᠶᠢ ᠰᠠᠶᠢᠳᠤᠷ ᠬᠠᠮᠠᠭᠠᠯᠠᠵᠦ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠠᠬᠢᠭᠤᠯᠪᠠ᠃ ᠰᠢᠨ᠎ᠠ ᠨᠢᠭᠡ ᠵᠢᠯ ᠳᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠰᠢᠭᠦᠨ ᠲᠠᠰᠤᠯᠬᠤ ᠪᠠᠶᠢᠭᠤᠯᠤᠯᠭ᠎ᠠ ᠪᠠ ᠪᠠᠶᠢᠴᠠᠭᠠᠬᠤ ᠪᠠᠶᠢᠭᠤᠯᠤᠯᠭ᠎ᠠ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ ᠎ᠠ ᠨᠤᠭᠤᠳ ᠤᠨ ᠵᠤᠷᠢᠭ ᠰᠠᠨᠠᠭ᠎ᠠ ᠪᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠣᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠴᠢ ᠶᠢᠨ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠦ᠂ 《ᠬᠤᠶᠠᠷ ᠲᠡᠭᠡᠳᠤ ᠬᠤᠷᠢᠶ᠎ᠠ》 ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠵᠠᠷᠭᠤ ᠶᠢ ᠰᠢᠭᠦᠨ ᠲᠠᠰᠤᠯᠬᠤ ᠪᠠ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠠᠵᠢᠯ ᠢ ᠯᠠᠪᠳᠠᠭᠤᠨ ᠦᠷᠨᠢᠭᠦᠯᠵᠦ᠂ ᠬᠠᠤᠯᠢ ᠶᠠᠪᠣᠭᠤᠯᠬᠤ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠬᠦᠨᠵᠡᠭᠡᠢ ᠠᠬᠢᠭᠤᠯᠵᠦ᠂ ᠮᠡᠳᠡᠭᠡ ᠵᠠᠩᠭᠢᠵᠢᠯᠳᠡ ᠶᠢᠨ ᠪᠠᠶᠢᠭᠤᠯᠤᠯᠳᠠ ᠪᠠ ᠦᠨᠳᠦᠰᠦᠨ ᠱᠠᠳᠤᠨ ᠤ ᠰᠠᠭᠤᠷᠢ ᠠᠵᠢᠯ ᠢ ᠬᠦᠴᠦᠯᠡᠨ ᠴᠢᠩᠭᠠᠳᠬᠠᠵᠦ᠂ ᠡᠷᠡᠰ ᠴᠢᠩᠭ᠎ᠠ ᠡᠩᠨᠡᠭᠡ ᠶᠢ ᠴᠢᠷᠮᠠᠶᠢᠨ ᠴᠤᠬᠴᠠᠯᠠᠵᠦ᠂ ᠨᠡᠶᠢᠭᠡᠮ ᠤᠨ ᠡᠷᠭᠡ ᠲᠡᠭᠰᠢ ᠰᠢᠳᠣᠷᠭᠤ ᠶᠤᠰᠤ ᠶᠢ ᠤᠯᠠᠮ ᠰᠠᠶᠢᠳᠤᠷ ᠠᠬᠢᠭᠤᠯᠵᠦ᠂ ᠠᠷᠠᠳ ᠲᠦᠮᠡᠨ ᠤ ᠠᠮᠤᠷ ᠵᠢᠷᠭᠠᠨ ᠠᠵᠦ ᠲᠦᠷᠦᠬᠦ ᠶᠢ ᠪᠠᠳᠤᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠳᠤ ᠠᠮᠤᠷ ᠲᠤᠬᠳᠠᠭᠤᠨ ᠨᠡᠶᠢᠭᠡᠮ ᠤᠨ ᠤᠷᠴᠢᠨ ᠲᠤᠭᠤᠷᠢᠨ ᠢ ᠡᠭᠦᠳᠦᠨ ᠦᠭᠴᠤ᠂ ᠰᠢᠯᠢᠳᠡᠭ ᠠᠮᠵᠢᠯᠳᠠ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠠᠨ ᠪᠡᠯᠭᠡᠯᠡᠨ᠎ᠡ ᠬᠡᠪᠡ᠃

    ᠪᠦ᠋ ᠰᠢᠶᠤᠤ ᠯᠢᠨ ᠲᠦᠯᠦᠭᠡᠯᠡᠭᠴᠢ᠂ 《ᠬᠤᠶᠠᠷ ᠲᠡᠭᠡᠳᠤ ᠬᠤᠷᠢᠶ᠎ᠠ》 ᠶ᠋ᠢᠨ ᠮᠡᠳᠡᠭᠦᠯᠦᠯᠳᠡ ᠳᠤ ᠨᠠᠮ ᠤᠨ ᠲᠦᠪ ᠬᠤᠷᠢᠶ᠎ᠠ ᠶᠢᠨ ᠤᠯᠤᠰ ᠢ ᠵᠠᠰᠠᠵᠦ ᠵᠠᠰᠠᠭ ᠡᠷᠬᠢᠯᠡᠭᠦ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠦ᠂ ᠤᠯᠠᠨ ᠲᠦᠮᠡᠨ ᠤ ᠬᠠᠯᠠᠮᠵᠢᠯᠠᠵᠦ ᠪᠠᠶᠢᠭ᠎ᠠ ᠵᠦᠢᠯ ᠳᠤ ᠬᠠᠷᠢᠭᠤᠯᠳᠠ ᠦᠭᠴᠤ ᠂ ᠦᠭᠡᠷᠡᠴᠢᠯᠠᠯᠳᠠ ᠬᠢᠵᠦ ᠰᠢᠨ᠎ᠠ ᠶᠢ ᠡᠭᠦᠳᠭᠦ ᠵᠤᠷᠢᠭ ᠰᠠᠨᠠᠭ᠎ᠠ ᠶᠢ ᠢᠯᠡᠷᠡᠭᠦᠯᠵᠦ᠂ ᠪᠦᠭᠦ ᠲᠠᠯ ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢᠵᠢᠯ ᠤᠨ ᠲᠤᠮᠳᠠᠳᠤ ᠤᠯᠤᠰ ᠢ ᠪᠠᠶᠢᠭᠤᠯᠬᠤ ᠢᠳᠡᠷᠬᠡᠭ ᠠᠯᠬᠤᠭ᠎ᠠ ᠶᠢ ᠲᠤᠪᠤᠶᠢᠯᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠪᠠᠳᠤ ᠤᠳᠤᠷᠢᠳᠤᠯᠭ᠎ᠠ ᠲᠤᠤᠷ᠎ᠠ᠂ ᠰᠢᠭᠦᠨ ᠲᠠᠰᠤᠯᠬᠤ ᠪᠠ ᠪᠠᠶᠢᠴᠠᠭᠠᠬᠤ ᠠᠵᠢᠯ ᠤᠨ ᠴᠢᠬᠤᠯᠠ ᠦᠷ᠎ᠠ ᠪᠦᠲᠦᠮᠵᠢ ᠣᠯᠵᠠᠢ᠂ ᠡᠳ᠋ ᠤᠨ ᠵᠠᠰᠠᠭ ᠨᠡᠶᠢᠭᠡᠮ ᠤᠨ ᠬᠦᠭᠵᠢᠯᠳᠠ ᠶᠢᠨ ᠦᠷ᠎ᠠ ᠪᠦᠲᠦᠮᠵᠢ ᠴᠦᠮ ᠬᠠᠤᠯᠢ ᠶᠠᠪᠣᠭᠤᠯᠬᠤ ᠠᠵᠢᠯ ᠤᠨ ᠪᠠᠳᠤᠯᠠᠭ᠎ᠠ ᠲᠠᠢ ᠰᠠᠯᠤᠰᠢ ᠦᠭᠡᠢ᠃ 《ᠬᠤᠶᠠᠷ ᠲᠡᠭᠡᠳᠤ ᠬᠤᠷᠢᠶ᠎ᠠ》 ᠶᠢᠨ ᠮᠡᠳᠡᠭᠦᠯᠦᠯᠳᠡ ᠳᠤ ᠲᠤᠮᠳᠠᠳᠤ ᠤᠯᠤᠰ ᠤᠨ ᠬᠠᠤᠯᠢ ᠶᠠᠪᠣᠭᠤᠯᠬᠤ ᠦᠷ᠎ᠠ ᠪᠦᠲᠦᠭᠡᠯ ᠢ ᠢᠯᠡᠷᠡᠭᠦᠯᠵᠦ᠂ 《ᠲᠦᠷᠪᠡᠨ ᠢᠳᠡᠭᠡᠯ》 ᠢ ᠢᠯᠡᠷᠡᠭᠦᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠶᠠᠪᠣᠭᠤᠯᠬᠤ ᠪᠠᠶᠢᠭᠤᠯᠣᠯ ᠤᠨ ᠲᠠᠪᠠᠭᠤᠯᠢᠭ ᠴᠢᠨᠠᠷ ᠢ ᠢᠯᠡᠷᠡᠭᠦᠯᠪᠠ᠃ ᠪᠢ 《ᠬᠤᠶᠠᠷ ᠲᠡᠭᠡᠳᠤ ᠬᠤᠷᠢᠶ᠎ᠠ》 ᠶᠢᠨ ᠮᠡᠳᠡᠭᠦᠯᠦᠯᠳᠡ ᠶᠢ ᠪᠦᠷᠢᠮᠦᠰᠦᠨ ᠵᠦᠪᠰᠢᠶᠡᠷᠡᠵᠦ ᠪᠠᠶᠢᠨ᠎ᠠ ᠭᠡᠪᠡ᠃

    ᠬᠤᠷᠴᠡ᠂ ᠯᠢᠶᠠᠨ ᠰᠤ᠂ ᠴᠠᠩ ᠵᠢᠶᠦ᠋ᠨ ᠵᠸᠡᠭ᠂ ᠬᠤ ᠢ ᠹᠸᠡᠭ᠂ ᠮᠠ ᠶᠦᠡᠭ ᠱᠸᠡᠭ᠂ ᠪᠠᠢ ᠰᠢᠶᠤᠤ ᠭᠤᠸᠠᠩ᠂ ᠳ᠋ᠦᠡᠭ ᠶᠦᠨ᠂ ᠪᠤᠤ ᠮᠠᠨᠳᠠ᠂ ᠵᠠᠩ ᠰᠢᠤᠸᠠᠢ ᠴᠢᠨ᠂ ᠴᠤᠬ᠂ ᠹᠦ᠋ ᠶᠦᠡᠭ ᠴᠦᠨ ᠵᠡᠷᠭᠡ ᠲᠦᠯᠦᠭᠡᠯᠡᠭᠴᠢ ᠤᠷᠢᠳ ᠬᠤᠵᠢᠳ ᠦᠭᠡ ᠬᠡᠯᠡᠵᠡᠢ᠃

    《ᠬᠤᠶᠠᠷ ᠲᠡᠭᠡᠳᠤ ᠬᠤᠷᠢᠶ᠎ᠠ》 ᠶᠢᠨ ᠮᠡᠳᠡᠭᠦᠯᠦᠯᠳᠡ ᠪᠦᠭᠦ ᠲᠠᠯ᠎ᠠ ᠪᠠᠷ ᠪᠤᠰᠤᠳᠴᠢ ᠪᠠᠷ 2016 ᠤᠨ ᠤ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠰᠢᠨ᠎ᠠ ᠠᠮᠵᠢᠯᠳᠠ ᠪᠦᠲᠦᠮᠵᠢ᠂ ᠰᠢᠨ᠎ᠠ ᠠᠷᠭ᠎ᠠ ᠬᠢᠳᠡᠯ ᠢᠶᠠᠨ ᠢᠯᠡᠷᠡᠭᠦᠯᠵᠦ᠂ ᠢᠯᠡ ᠲᠤᠳᠤ ᠬᠠᠤᠯᠢᠵᠢᠯ ᠤᠨ ᠵᠤᠷᠢᠭ ᠰᠠᠨᠠᠭ᠎ᠠ ᠪᠠ ᠬᠤᠷᠴᠡ ᠴᠢᠩᠭ᠎ᠠ ᠦᠢᠯᠡᠴᠢᠯᠡᠭᠡᠨ ᠤ ᠤᠬᠠᠮᠰᠠᠷ ᠢ ᠢᠯᠡᠷᠡᠭᠦᠯᠪᠠ᠃ 2017 ᠤᠨ ᠤ ᠠᠵᠢᠯ ᠤᠨ ᠪᠠᠶᠢᠷᠢᠯᠠᠭᠤᠯᠤᠯᠳᠠ ᠳᠠᠭᠠᠨ᠂ ᠭᠤᠤᠯᠳᠠᠯᠭ᠎ᠠ ᠶᠢ ᠲᠤᠪᠤᠶᠢᠯᠭᠠᠵᠦ᠂ ᠬᠠᠷᠠᠯᠳᠠ ᠲᠤᠳᠤᠷᠬᠠᠢ᠂ ᠠᠷᠭ᠎ᠠ ᠬᠡᠮᠵᠢᠶ᠎ᠡ ᠪᠤᠳᠠᠳᠠᠢ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠪᠠᠶᠢᠯᠳᠤᠬᠤ ᠪᠤᠳᠤᠯᠭᠠᠳᠣ ᠴᠢᠨᠠᠷ ᠪᠠ ᠵᠢᠯᠤᠭᠤᠳᠬᠤ ᠴᠢᠨᠠᠷ ᠲᠠᠢ ᠪᠣᠯᠵᠠᠢ᠃ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠬᠦᠮᠦᠨ ᠤ ᠰᠡᠳᠭᠢᠯ ᠢ ᠬᠦᠭᠵᠢᠭᠡᠭᠰᠡᠨ ᠮᠠᠰᠢ ᠰᠠᠶᠢᠨ ᠮᠡᠳᠡᠭᠦᠯᠦᠯᠳᠡ ᠪᠤᠯᠵᠠᠢ ᠬᠡᠮᠡᠨ ᠲᠦᠯᠦᠭᠡᠯᠡᠭᠴᠢᠳ ᠰᠠᠨᠠᠯ ᠨᠢᠭᠡᠳᠡᠢ ᠦᠵᠡᠭᠰᠡᠨ ᠪᠠᠶᠢᠨ᠎ᠠ᠃

    ᠲᠦᠯᠦᠭᠡᠯᠡᠭᠴᠢᠳ《ᠬᠤᠶᠠᠷ ᠲᠡᠭᠡᠳᠤ ᠬᠤᠷᠢᠶ᠎ᠠ》 ᠶᠢᠨ ᠮᠡᠳᠡᠭᠦᠯᠦᠯᠳᠡ ᠶᠢ ᠪᠦᠷᠢᠮᠦᠰᠦᠨ ᠵᠦᠪᠰᠢᠶᠡᠷᠡᠵᠦ ᠪᠠᠶᠢᠬᠤ ᠪᠠᠨ ᠢᠯᠡᠷᠭᠡᠶᠢᠯᠡᠭᠰᠡᠨ ᠪᠦᠭᠡᠳ ᠬᠠᠤᠯᠢ ᠶᠠᠪᠣᠭᠤᠯᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠬᠠᠤᠯᠢ ᠶᠠᠪᠣᠭᠤᠯᠬᠤ ᠡᠩᠨᠡᠭᠡ ᠶᠢᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠭᠦ᠂ ᠬᠠᠤᠯᠢ ᠶᠠᠪᠣᠭᠤᠯᠬᠤ ᠮᠡᠳᠡᠭᠡ ᠵᠠᠩᠭᠢ ᠶᠢ ᠢᠯᠡ ᠪᠤᠯᠭᠠᠬᠤ ᠶᠢ ᠠᠬᠢᠭᠤᠯᠬᠤ᠂ ᠬᠠᠤᠯᠢ ᠶᠠᠪᠣᠭᠤᠯᠬᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠭᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠠᠮᠠᠭᠠᠯᠠᠬᠤ ᠬᠠᠤᠯᠢ ᠴᠠᠭᠠᠵᠠ ᠶᠢᠨ ᠲᠤᠬᠳᠠᠴᠠ ᠶᠢ ᠪᠠᠶᠢᠭᠤᠯᠬᠤ᠂ ᠬᠠᠤᠯᠢ ᠴᠠᠭᠠᠵᠠ ᠶᠢᠨ ᠲᠠᠶᠢᠯᠪᠤᠷᠢ ᠶᠢᠨ ᠠᠵᠢᠯ ᠤᠨ ᠠᠯᠬᠤᠴᠠ ᠶᠢ ᠲᠦᠷᠭᠡᠳᠭᠡᠭᠦ᠂ ᠦᠨᠳᠦᠰᠦᠨ ᠱᠠᠳᠤᠨ ᠤ ᠮᠤᠩᠭᠤᠯ ᠬᠢᠳᠠᠳ ᠬᠤᠤᠰ ᠬᠡᠯᠡᠨ ᠤ ᠰᠢᠭᠦᠭᠴᠢ ᠶᠢᠨ ᠬᠦᠴᠦᠨ ᠢ ᠪᠤᠵᠠᠭᠠᠢᠢᠷᠠᠭᠤᠯᠬᠤ᠂ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠮᠳᠤᠷᠠᠬᠰᠠᠨ ᠰᠢᠳᠭᠡᠨ ᠵᠠᠯᠬᠠᠭᠠᠬᠤ ᠲᠤᠬᠳᠠᠴᠠ ᠶᠢ ᠪᠠᠶᠢᠭᠤᠯᠬᠤ᠂ ᠴᠠᠬᠢᠯᠭᠠᠨ ᠬᠤᠯᠪᠤᠭ᠎ᠠ ᠶᠢᠨ ᠶᠠᠯᠠᠳᠤ ᠬᠡᠷᠡᠭ ᠲᠤ ᠴᠤᠬᠢᠯᠳᠠ ᠦᠭᠬᠦ ᠡᠷᠴᠢᠮ ᠢᠶᠠᠨ ᠴᠢᠩᠭᠠᠷᠠᠭᠤᠯᠬᠤ᠂ ᠤᠶᠤᠳᠤ ᠰᠢᠭᠦᠭᠦ ᠬᠤᠷᠢᠶ᠎ᠠ ᠶᠢ ᠪᠠᠶᠢᠭᠤᠯᠬᠤ᠂ ᠰᠤᠷᠭᠠᠭᠤᠯᠢ ᠶᠢᠨ ᠬᠦᠷᠢᠶᠠᠨ ᠤ ᠵᠢᠭᠡᠯᠡᠯᠭᠡ ᠶᠢᠨ ᠬᠠᠤᠯᠢ ᠴᠠᠭᠠᠵᠠ ᠶᠢᠨ ᠬᠢᠨᠠᠯᠳᠠ ᠶᠢ ᠴᠢᠩᠭᠠᠳᠬᠠᠬᠤ ᠵᠡᠷᠭᠡ ᠠᠳᠠᠯᠢ ᠪᠤᠰᠤ ᠬᠠᠷᠠᠭᠠᠰᠣ ᠠᠴᠠ ᠰᠠᠨᠠᠭᠤᠯᠭ᠎ᠠ ᠪᠠ ᠰᠠᠨᠠᠯ ᠲᠤᠷᠠᠳᠴᠠᠢ᠃

    ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠶᠢᠨ ᠤᠨᠤᠯ ᠰᠤᠳᠤᠯᠬᠤ ᠭᠠᠵᠠᠷ ᠤᠨ ᠬᠠᠷᠢᠭᠤᠴᠠᠯᠭᠠᠳᠠᠨ ᠪᠠ ᠶᠡᠭᠡ ᠬᠤᠷᠠᠯ ᠤᠨ ᠬᠠᠤᠯᠢ ᠶᠢᠨ ᠵᠦᠪᠯᠡᠯᠭᠡ ᠶᠢᠨ ᠲᠤᠭᠤᠢᠢᠯᠠᠩ ᠤᠨ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠵᠦ ᠬᠢᠨᠠᠨ ᠵᠦᠪᠯᠡᠭᠭᠰᠡᠨ ᠰᠠᠨᠠᠯ ᠢ ᠰᠤᠨᠤᠰᠴᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120617754