蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠤᠳᠤᠷᠢᠳᠬᠤ ᠺᠠᠳ᠋ᠷᠴᠤᠳ ᠳᠤᠯᠤᠭᠠᠶᠢᠯᠠᠨ ᠤᠯᠤᠰ ᠳᠦᠷᠦᠴᠢ ᠪᠠᠶᠢᠵᠤ ᠰᠠᠬᠢᠯᠭ᠎ᠠ ᠪᠠᠳᠤ ᠶᠢ ᠰᠠᠬᠢᠨ ᠬᠠᠷᠢᠭᠤᠴᠠᠯᠭ᠎ᠠ ᠡᠬᠦᠷᠬᠡᠯᠡᠬᠦ ᠭᠡᠷᠡᠭᠳᠡᠢ

2017-03-20 10:27

    3 ᠰᠠᠷ᠎ᠠ ᠶᠢᠨ 18 ᠤ ᠦᠳᠡ ᠶᠢᠨ ᠡᠮᠦᠨ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠤᠳᠤᠷᠢᠳᠬᠤ ᠺᠠᠳ᠋ᠷᠴᠤᠳ ᠤᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠤ ᠰᠤᠳᠤᠯᠤᠨ ᠶᠠᠷᠢᠯᠴᠠᠬᠤ ᠪᠠᠭ ᠦᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠰᠤᠷᠤᠯᠭ᠎ᠠ ᠡᠬᠢᠯᠡᠭᠦ ᠶᠤᠰᠤᠯᠠᠯ ᠲᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠰᠤᠷᠤᠯᠭ᠎ᠠ ᠡᠬᠢᠯᠡᠭᠦ ᠶᠤᠰᠤᠯᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠨᠦᠬᠦᠳ ᠤᠷᠤᠯᠴᠠᠪᠠ᠃

    ᠯᠢ ᠵᠢᠢ ᠾᠧᠩ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠲᠤᠤᠱᠯᠠᠭᠤᠯᠬᠤ ᠨᠢ᠂ ᠮᠠᠰᠢ ᠤᠯᠠᠨ ᠰᠢᠨ᠎ᠡ ᠲᠡᠤᠭᠡ ᠶᠢᠨ ᠤᠨᠴᠠᠯᠢᠭ ᠲᠠᠢ ᠠᠭᠤᠤ ᠶᠡᠭᠡ ᠰᠢᠨ᠎ᠠ ᠲᠡᠮᠡᠴᠡᠯ᠂ ᠨᠠᠮ ᠤᠨ ᠪᠠᠶᠢᠭᠤᠯᠤᠯᠳᠠ ᠶᠢᠨ ᠰᠢᠨ᠎ᠠ ᠠᠭᠤᠤ ᠶᠡᠭᠡ ᠢᠨᠵᠧᠨᠧᠷᠢᠩ᠂ ᠲᠤᠮᠳᠠᠳᠤ ᠤᠯᠤᠰ ᠤᠨ ᠤᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠤᠷᠤᠬᠰᠢᠳᠠᠢ ᠠᠬᠢᠭᠤᠯᠬᠤ ᠳᠤ ᠴᠦᠮ ᠴᠢᠬᠤᠯᠠ ᠶᠡᠭᠡ ᠪᠦᠭᠡᠳ ᠠᠯᠤᠰ ᠬᠡᠳᠦ ᠶᠢᠨ ᠠᠴᠢ ᠬᠤᠯᠪᠤᠬᠳᠠᠯ ᠲᠠᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ ᠴᠢᠩᠭᠠᠷᠠᠭᠤᠯᠤᠨ᠂ ᠦᠵᠡᠯ ᠰᠠᠨᠠᠭ᠎ᠠ ᠲᠠᠨᠢᠯᠳᠠ ᠪᠠᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠲᠡᠭᠡᠷ᠎ᠡ ᠦᠨᠡᠨᠬᠦ ᠨᠢᠭᠡᠳᠭᠡᠵᠤ᠂ ᠦᠵᠡᠯ ᠰᠠᠨᠠᠭ᠎ᠠ ᠪᠠᠨ ᠱᠠᠭᠠᠷᠳᠠᠯᠭ᠎ᠠ ᠳᠤ ᠬᠦᠷᠭᠡᠵᠦ᠂ ᠦᠢᠯᠡ ᠠᠵᠢᠯᠯᠠᠭ᠎ᠠ ᠪᠠᠨ ᠪᠠᠷᠢᠮᠵᠢᠶ᠎ᠠ ᠳᠤ ᠨᠡᠶᠢᠴᠡᠭᠦᠯᠵᠤ᠂ ᠮᠠᠨ ᠤ ᠤᠷᠤᠨ ᠤ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠠᠵᠢᠯ ᠤᠨ ᠲᠠᠰᠤᠷᠠᠯᠳᠠ ᠦᠭᠡᠢ ᠬᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ ᠬᠡᠪᠡ᠃

    ᠯᠢ ᠵᠢᠢ ᠾᠧᠩ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠤ᠂ ᠴᠢᠳᠠᠮᠠᠭᠠᠢ ᠪᠠᠷ ᠤᠯᠤᠰ ᠲᠦᠷᠦ ᠶᠢᠨ ᠳᠠᠯ᠎ᠠ ᠠᠴᠠ ᠶᠡᠭᠡ ᠲᠠᠯ᠎ᠠ ᠶᠢ ᠡᠵᠡᠮᠳᠡᠡ᠂ ᠠᠰᠠᠭᠤᠳᠠᠯ ᠢ ᠦᠵᠡᠵᠦ᠂ ᠴᠢᠳᠠᠮᠠᠭᠠᠢ ᠪᠠᠷ ᠤᠯᠤᠰ ᠲᠦᠷᠦ ᠶᠢᠨ ᠲᠠᠯ᠎ᠠ ᠠᠴᠠ ᠠᠵᠢᠯ ᠢᠶᠠᠨ ᠲᠦᠯᠦᠪᠵᠢᠭᠦᠯᠵᠦ᠂ ᠪᠠᠶᠢᠷᠢᠯᠠᠭᠤᠯᠤᠨ᠂ ᠠᠬᠢᠭᠤᠯᠵᠤ᠂ ᠤᠯᠤᠰ ᠲᠦᠷᠦ ᠶᠢᠨ ᠵᠤᠬᠰᠤᠯᠳᠠ ᠪᠠᠨ ᠯᠠᠪᠳᠠᠭᠤᠨ ᠵᠣᠭᠰᠣᠵᠣ᠂ ᠤᠯᠤᠰ ᠲᠦᠷᠦ ᠶᠢᠨ ᠳᠠᠪᠳᠠᠯᠳᠠ ᠪᠣᠯᠪᠠᠰᠣᠷᠠᠯ ᠢᠶᠠᠨ ᠴᠢᠩᠭᠠᠳᠬᠠᠨ᠂ ᠤᠯᠤᠰ ᠲᠦᠷᠦ ᠶᠢᠨ ᠴᠢᠳᠠᠪᠤᠷᠢ ᠪᠠᠨ ᠲᠡᠭᠡᠭᠰᠢᠯᠡᠭᠦᠯᠭᠦ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠱᠠᠭᠠᠷᠳᠠᠯᠭ᠎ᠠ ᠯᠤᠭ᠎ᠠ ᠪᠠᠶᠢᠩᠭᠤ《ᠬᠠᠷᠢᠴᠠᠭᠤᠯᠵᠤ》᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠬᠡᠷᠡᠭᠳᠡᠢ᠃ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠤ ᠲᠦᠷᠢᠮ ᠢ ᠴᠢᠩᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠷᠠᠳᠤᠬᠰᠠᠨ《ᠲᠤᠯᠤᠭ᠎ᠠ ᠪᠠᠶᠢᠬᠤ》 ᠠᠰᠠᠭᠤᠳᠠᠯ ᠢ ᠨᠢᠭᠡ ᠶᠢ ᠢᠯᠡᠷᠡᠭᠦᠯᠪᠡᠯ᠂ ᠨᠢᠭᠡ ᠶᠢ ᠪᠠᠶᠢᠴᠠᠭᠠᠨ ᠰᠢᠢᠳᠪᠦᠷᠢᠯᠡᠵᠤ᠂ ᠦᠴᠦᠭᠡᠨ ᠴᠤ ᠢᠯᠳᠠᠷ ᠬᠠᠶᠠᠵᠤ ᠪᠤᠯᠬᠤ ᠦᠭᠡᠢ᠃ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠨᠠᠮ ᠪᠤᠯᠤᠨ ᠠᠷᠠᠳ ᠲᠦᠮᠡᠨ ᠤ ᠦᠢᠯᠡᠰ ᠤᠨ ᠲᠦᠯᠦᠭᠡ ᠵᠤᠷᠢᠬᠳᠠᠢ ᠪᠠᠷ ᠰᠡᠳᠬᠢᠨ᠂ ᠵᠤᠷᠢᠬᠳᠠᠢ ᠪᠠᠷ ᠬᠢᠵᠤ᠂ ᠵᠤᠷᠢᠬᠳᠠᠢ ᠪᠠᠷ ᠡᠭᠦᠷᠭᠡᠯᠡᠵᠤ᠂ ᠴᠠᠭ ᠦᠶ᠎ᠠ ᠶᠢᠨ ᠬᠠᠳᠠᠭᠤ ᠰᠢᠯᠭᠠᠯᠳᠠ ᠶᠢ ᠦᠨᠡᠨᠬᠦ ᠲᠠᠭᠠᠭᠠᠬᠤ ᠬᠡᠷᠡᠭᠳᠡᠢ᠃ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠵᠤ᠂ ᠲᠤᠷ ᠎ᠠ ᠲᠠᠪᠠ ᠶᠢᠨ᠂ ᠬᠡᠯᠪᠡᠷᠢ ᠶᠢᠨ᠂ ᠶᠡᠷᠦᠮᠳᠡᠭ᠂ ᠪᠤᠯᠬᠢ ᠪᠦᠳᠦᠭᠦᠯᠢᠭ ᠦᠵᠡᠭᠳᠡᠯ ᠢ ᠡᠷᠡᠰ ᠲᠡᠪᠴᠢᠵᠤ᠂ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠳᠤ ᠴᠢᠨᠠᠷ᠂ ᠲᠠᠶᠢᠴᠢᠨ ᠴᠢᠨᠠᠷ ᠢ ᠴᠢᠩᠭᠠᠷᠠᠭᠤᠯᠬᠤ ᠬᠡᠷᠡᠭᠳᠡᠢ᠃ ᠵᠤᠷᠢᠬᠳᠠᠢ ᠪᠠᠷ ᠦᠪᠡᠷ ᠢ ᠪᠠᠨ ᠬᠤᠪᠢᠰᠬᠠᠵᠤ᠂ ᠠᠰᠭᠤᠳᠠᠯ ᠳᠤ ᠰᠢᠭᠤᠳ ᠬᠠᠨᠳᠤᠬᠤ ᠤᠬᠠᠮᠰᠠᠷ ᠪᠤᠯᠤᠠ ᠬᠢᠳᠤᠭᠠᠨ ᠢᠷ ᠢ ᠲᠤᠳᠤᠬᠰᠢ ᠬᠠᠨᠳᠤᠭᠤᠯᠬᠤ ᠰᠦᠰᠦ ᠵᠤᠷᠢᠭ ᠢᠶᠠᠷ᠂ ᠦᠪᠡᠷ ᠤᠨ ᠲᠤᠳᠠᠬᠳᠠᠯ ᠪᠤᠯᠤᠨ ᠲᠤᠳᠠᠭᠤᠳᠠᠯ ᠢᠶᠠᠨ ᠢᠯᠡᠷᠡᠭᠦᠯᠦᠨ ᠰᠠᠶᠢᠳᠤᠷ ᠰᠢᠢᠳᠪᠦᠷᠢᠯᠡᠵᠤ᠂ ᠲᠠᠰᠤᠷᠠᠯᠳᠠ ᠦᠭᠡᠢ ᠦᠪᠡᠷ ᠢ ᠪᠠᠨ ᠴᠡᠪᠡᠷᠰᠢᠭᠦᠯᠦᠨ᠂ ᠦᠪᠡᠷ ᠢ ᠪᠠᠨ ᠲᠡᠭᠦᠯᠳᠡᠷᠵᠢᠭᠦᠯᠵᠤ᠂ ᠦᠪᠡᠷ ᠢ ᠪᠠᠨ ᠬᠤᠪᠢᠰᠬᠠᠨ᠂ ᠦᠪᠡᠷ ᠢ ᠪᠠᠨ ᠲᠡᠭᠡᠭᠰᠢᠯᠡᠭᠦᠯᠭᠦ ᠬᠡᠷᠡᠭᠳᠡᠢ᠃ ᠪᠡᠶ᠎ᠡ ᠪᠠᠨ ᠴᠢᠩᠭ᠎ᠠ ᠱᠠᠭᠠᠷᠳᠠᠵᠤ᠂ ᠤᠳᠤᠷᠢᠳᠬᠤ ᠺᠠᠳ᠋ᠷᠴᠤᠳ ᠤᠨ ᠦᠪᠡᠷ ᠢ ᠪᠠᠨ ᠴᠢᠩᠭ᠎ᠠ ᠱᠠᠭᠠᠷᠳᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ《ᠲᠦᠷᠪᠡ ᠶᠢ ᠠᠩᠬᠠᠷᠣᠨ ᠬᠦᠨᠳᠦᠳᠭᠡᠬᠦ》ᠴᠢᠬᠤᠯᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠭᠠᠭᠴᠠᠭᠠᠷ ᠪᠠᠶᠢᠬᠰᠠᠨ ᠴᠤ ᠬᠢᠴᠢᠶᠡᠩᠭᠦᠢ ᠨᠢᠮᠪᠠᠢ ᠬᠠᠨᠳᠣᠵᠣ᠂ ᠢᠮᠠᠬᠳᠠ ᠲᠤᠷ᠎ᠠ ᠪᠠᠷ ᠲᠠᠯᠪᠢᠬᠤ ᠦᠭᠡᠢ᠂ ᠶᠤᠰᠤᠨ ᠠᠴᠠ ᠲᠠᠪᠠᠭ᠋ᠤ ᠦᠭᠡᠢ᠂ ᠲᠦᠷᠢᠮ ᠠᠴᠠ ᠵᠦᠷᠢᠴᠡᠭᠦ ᠦᠭᠡᠢ ᠪᠠᠶᠢᠬᠤ ᠬᠡᠷᠡᠭᠳᠡᠢ᠃ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠨᠠᠮ ᠤᠨ ᠤᠳᠤᠷᠢᠳᠤᠯᠭ᠎ᠠ ᠶᠢ ᠰᠤᠯᠠᠷᠠᠭᠤᠯᠬᠤ᠂ ᠨᠠᠮ ᠤᠨ ᠪᠠᠶᠢᠭᠤᠯᠤᠯᠳᠠ ᠲᠤᠳᠠᠬᠳᠠᠬᠤ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠳᠠᠯ᠎ᠠ ᠪᠠᠷ ᠬᠦᠷᠦᠯᠴᠡᠬᠦ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠮᠠᠨ ᠤ ᠤᠷᠤᠨ ᠤ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ ᠬᠡᠪᠡ᠃

    ᠪᠦ᠋ ᠰᠢᠶᠤᠤ ᠯᠢᠨ ᠰᠤᠷᠤᠯᠭ᠎ᠠ ᠡᠬᠢᠯᠡᠭᠦ ᠶᠤᠰᠤᠯᠠᠯ ᠢ ᠡᠷᠬᠢᠯᠡᠭᠦ ᠳᠡᠭᠡᠨ᠂ ᠤᠳᠤᠷᠢᠳᠬᠤ ᠺᠠᠳ᠋ᠷᠴᠤᠳ ᠤᠬᠠᠮᠰᠠᠷ ᠠᠴᠠ ᠪᠠᠨ ᠤᠯᠤᠰ ᠲᠦᠷᠦ ᠶᠢᠨ ᠲᠠᠯ᠎ᠡ ᠪᠠᠷ ᠮᠡᠷᠬᠡᠨ ᠬᠦᠮᠦᠨ ᠪᠤᠯᠵᠤ᠂ ᠤᠯᠤᠰ ᠲᠦᠷᠦ ᠶᠢ ᠡᠷᠬᠢᠮᠯᠡᠭᠦ ᠶᠠᠪᠤᠳᠠᠯ ᠢ ᠨᠠᠮᠴᠢ ᠴᠢᠨᠠᠷ ᠤᠨ ᠪᠤᠯᠪᠠᠰᠤᠷᠠᠯ ᠤᠨ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠳᠡᠢ᠃ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠠᠴᠢ ᠴᠢᠨᠠᠷ᠂ ᠵᠠᠷᠴᠢᠮᠴᠢ ᠴᠢᠨᠠᠷ᠂ ᠲᠠᠶᠢᠴᠢᠨ ᠴᠢᠨᠠᠷ ᠢ ᠬᠦᠴᠦᠯᠡᠨ ᠴᠢᠩᠭᠠᠷᠠᠭᠤᠯᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠢᠨᠠᠯᠳᠠ ᠶᠢ ᠬᠦᠯᠢᠶᠡᠭᠦ ᠬᠡᠷᠡᠭᠳᠡᠢ᠃ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠦᠨᠡᠨᠭᠦ ᠡᠭᠦᠷᠭᠡᠯᠡᠵᠤ᠂ 《ᠪᠠᠷᠢᠮᠵᠢᠶ᠎ᠠ ᠨᠤᠭᠤᠳ》 ᠪᠠ 《ᠲᠦᠷᠢᠮ》 ᠢ ᠲᠤᠤᠱᠯᠠᠭᠤᠯᠬᠤ ᠶᠢ ᠨᠠᠮ ᠤᠨ ᠵᠤᠬᠢᠶᠠᠨ ᠪᠠᠶᠢᠭᠤᠯᠤᠯᠳᠠ ᠨᠢᠭᠡᠪᠦᠷᠢ ᠪᠠ ᠨᠠᠮ ᠤᠨ ᠬᠡᠰᠢᠭᠦᠨ ᠨᠢᠭᠡᠪᠦᠷᠢ ᠶᠢᠨ ᠤᠬᠠᠮᠰᠠᠷᠳᠦ ᠠᠵᠢᠯᠯᠠᠭ᠎ᠠ ᠪᠤᠯᠭᠠᠵᠤ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠪᠠ ᠡᠯ᠎ᠠ ᠵᠦᠢᠯ ᠤᠨ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠴᠢᠷᠮᠠᠶᠢᠨ ᠨᠡᠭᠡᠭᠡᠭᠦ ᠬᠡᠷᠡᠭᠳᠡᠢ ᠬᠡᠵᠡᠢ᠃

    ᠦᠪᠦᠷ ᠮᠤᠩᠭᠤᠯ ᠤᠨ ᠡᠯ᠎ᠠ ᠠᠶᠢᠮᠠᠭ ᠬᠤᠳᠠ᠂ ᠬᠤᠰᠢᠭᠤ ᠰᠢᠶᠠᠨ(ᠬᠤᠳᠠ᠂ ᠲᠤᠭᠤᠷᠢᠭ) ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠭᠡᠴᠡ ᠶᠢᠨ ᠭᠤᠤᠯ ᠬᠠᠷᠢᠭᠤᠴᠠᠯᠭᠠᠳᠠᠨ ᠨᠠᠷ ᠰᠤᠳᠤᠯᠤᠨ ᠶᠠᠷᠢᠯᠴᠠᠬᠤ ᠠᠩᠬᠢ ᠳᠤ ᠤᠷᠤᠯᠴᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120657633