蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠸᠩ ᠦᠪᠡᠷᠲᠡᠭᠡᠨ ᠵᠠᠰᠠᠬᠤ ᠤᠷᠤᠨ ᠤ ᠤᠲᠤᠷᠢᠳᠬᠤ ᠺᠠᠳ᠋ᠷᠴᠤᠳ ᠤᠨ ᠲᠦᠪ ᠤᠨ ᠨᠢᠭᠡᠲᠦᠭᠡᠷ ᠲᠤᠭᠠᠲᠤ ᠮᠠᠲ᠋ᠸᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠲᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠤᠰᠤᠯᠠᠯ ᠳ᠋ᠤ ᠤᠷᠤᠯᠴᠠᠨ ᠴᠢᠬᠤᠯᠠ ᠶᠠᠷᠢᠶ᠎ᠠ ᠲᠠᠯᠪᠢᠪᠠ

2017-03-21 16:59

    

    3 ᠰᠠᠷ᠎ᠠ ᠶᠢᠨ 20 ᠤ ᠦᠲᠡ ᠶᠢᠨ ᠬᠤᠢᠢᠨ᠎ᠠ᠂ ᠦᠪᠦᠷ ᠮᠤᠩᠭ᠋ᠤᠯ ᠤᠨᠤᠳᠤᠷᠢᠳᠬᠤ ᠺᠠᠳ᠋ᠷᠴᠤᠳ ᠤᠨ ᠲᠦᠪ ᠤᠨ ᠨᠢᠭᠡᠳᠦᠭᠡᠷ ᠲᠤᠭᠠᠳᠦ ᠪᠢᠴᠢᠭ᠌ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠩᠬᠢ ᠦᠪᠦᠷ ᠮᠤᠩᠭ᠋ᠤᠯ ᠤᠨ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠵᠤ᠂ ᠦᠪᠦᠷ ᠮᠤᠩᠭ᠋ᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠰᠤᠷᠤᠯᠭ᠎ᠠ ᠡᠬᠢᠯᠡᠭᠦ ᠶᠤᠰᠤᠯᠠᠯ ᠲᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠦᠭᠦᠯᠡᠯᠳᠡ ᠪᠠ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠪ ᠤᠨ ᠨᠢᠭᠡᠳᠦᠭᠡᠷ ᠲᠤᠭᠠᠳᠦ ᠪᠢᠴᠢᠭ᠌ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠣᠨᠣᠪᠴᠢᠳᠠᠢ ᠨᠡᠶᠢᠳᠡᠪᠦᠷᠢᠵᠢᠭᠤᠯᠵᠣ ᠨᠠᠷᠢᠯᠢᠭ ᠨᠡᠶᠢᠳᠡᠪᠦᠷᠢᠵᠢᠭᠤᠯᠣᠨ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠠᠬᠢᠭᠤᠯᠵᠤ᠂ ᠮᠠᠨ ᠤ ᠤᠷᠤᠨ ᠤᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》  ᠤ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ ᠬᠡᠪᠡ᠃

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠰᠤᠷᠤᠯᠭ᠎ᠠ ᠡᠬᠢᠯᠡᠭᠦ ᠶᠤᠰᠤᠯᠠᠯ ᠢ ᠡᠷᠬᠢᠯᠡᠵᠤ᠂ ᠦᠪᠡᠷᠳᠡᠭᠡᠨ ᠵᠠᠰᠬᠠᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠨᠦᠬᠦᠳ ᠶᠤᠰᠤᠯᠠᠯ ᠳᠤ ᠤᠷᠤᠯᠴᠠᠵᠠᠢ᠃

    ᠯᠢ ᠵᠢᠢ ᠾᠧᠩ ᠵᠢᠭᠠᠵᠤ ᠭᠠᠷᠭᠠᠬᠰᠠᠨ ᠨᠢ᠂ ᠡᠨᠡ ᠵᠢᠯ ᠤᠨ ᠲᠦᠪ ᠤᠨ ᠨᠢᠭᠡᠳᠦᠭᠡᠷ ᠲᠤᠭᠠᠳᠦ ᠪᠢᠴᠢᠭ᠌ ᠮᠠᠲ᠋ᠧᠷᠢᠶᠠᠯ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠮᠠᠨ ᠤ ᠤᠯᠤᠰ ᠤᠨ ᠲᠠᠷᠢᠶᠠᠯᠠᠩ ᠲᠠᠷᠢᠶᠠᠯᠠᠬᠤ ᠤᠷᠤᠨ ᠤ ᠬᠦᠭ᠍ᠵᠢᠯᠳᠡ ᠰᠢᠨ᠎ᠠ ᠲᠡᠤᠬᠡᠨ ᠱᠠᠳᠤᠨ ᠳᠤ ᠤᠷᠤᠬᠰᠠᠨ ᠤᠨᠴᠠᠯᠢᠭ ᠢ ᠣᠨᠣᠪᠴᠢᠳᠠᠢ ᠡᠵᠡᠮᠰᠢᠭᠰᠡᠨ ᠤ ᠰᠠᠭᠤᠷᠢᠨ ᠲᠡᠭᠡᠷ᠎ᠠ ᠲᠤᠬᠳᠠᠭᠠᠬᠰᠠᠨ ᠲᠠᠷᠢᠶᠠᠯᠠᠩ ᠤᠨ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ ᠠᠬᠢᠭᠤᠯᠬᠤ᠂ ᠲᠠᠷᠢᠶᠠᠯᠠᠩ ᠲᠠᠷᠢᠶᠠᠯᠠᠬᠤ ᠤᠷᠤᠨ ᠤ ᠬᠦᠭ᠍ᠵᠢᠯᠳᠡ ᠶᠢᠨ ᠰᠢᠨ᠎ᠡ ᠬᠦᠳᠡᠯᠭᠡᠭ᠍ᠴᠢ ᠡᠨᠧᠷᠬᠢ ᠶᠢ ᠲᠦᠷᠭᠡᠳᠭᠡᠨ ᠪᠤᠶᠢᠵᠢᠭᠤᠯᠬᠤ ᠦᠵᠦ ᠲᠦᠯᠦᠪᠯᠡᠭᠡ ᠪᠤᠯᠤᠨ᠎ᠠ᠂ ᠳᠡᠷᠡ ᠨᠢᠲᠠᠷᠢᠶᠠᠯᠠᠬᠤ ᠤᠷᠤᠨ ᠲᠠᠷᠢᠶᠠᠯᠠᠩ ᠲᠠᠷᠢᠶᠠᠴᠢᠨ ᠤ ᠬᠦᠷᠢᠶᠡᠨ ᠳᠠᠬᠢ ᠪᠦᠬᠦ ᠲᠠᠯ᠎ᠠ ᠶᠢᠨ ᠲᠤᠬᠢᠷᠠᠭᠤᠯᠤᠯᠳᠠ ᠪᠠ ᠬᠦᠨ ᠲᠠᠪᠬᠤᠷᠭ᠎ᠠ ᠶᠢᠨ ᠬᠤᠪᠢᠰᠤᠯᠳᠠ ᠶᠢ ᠬᠦᠳᠦᠯᠦᠨ ᠲᠠᠭᠠᠭᠤᠯᠵᠤ᠂ ᠮᠠᠨ ᠤ ᠤᠯᠤᠰ ᠤᠨ ᠲᠠᠷᠢᠶᠠᠯᠠᠩ ᠤᠨ ᠤᠳᠤᠬᠢᠴᠢᠯᠡᠬᠤ ᠪᠦᠳᠦᠭᠡᠨ ᠪᠠᠶᠢᠭᠤᠯᠤᠯᠳᠠ ᠪᠠ ᠬᠦᠳᠡᠭᠡ ᠲᠤᠰᠬᠤᠨ ᠤ ᠪᠦᠬᠦ ᠲᠠᠯ᠎ᠠ ᠶᠢᠨ ᠴᠢᠨᠡᠭᠡᠯᠢᠭ᠌ ᠪᠠᠶᠢᠭᠤᠯᠤᠯᠳᠠ ᠨᠡᠩ ᠳᠣᠮᠣ ᠠᠯᠬᠤᠮ ᠠᠯᠬᠤᠬᠤ ᠶᠢ ᠠᠬᠢᠭᠤᠯᠬᠤ ᠨᠢ ᠵᠠᠶᠢᠯᠠᠰᠢ ᠦᠭᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠲᠦᠪ ᠤᠨ ᠨᠢᠭᠡᠳᠦᠭᠡᠷ ᠲᠤᠭᠠᠳᠦ ᠪᠢᠴᠢᠭ᠌ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠲᠦᠷᠪᠡᠨ ᠤᠬᠠᠮᠰᠠᠷ》 ᠶᠢᠡᠨ ᠴᠢᠩᠭ᠋ᠠᠷᠠᠭᠤᠯᠬᠤ ᠪᠤᠳᠠᠳᠠᠢ ᠢᠯᠡᠷᠡᠯ ᠪᠠ ᠪᠤᠳᠠᠳᠤ ᠠᠵᠢᠯᠯᠠᠭ᠎ᠠ ᠪᠠᠨ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠬᠠᠮᠠᠭᠠᠯᠠᠬᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠪᠤᠳᠠᠳᠣ ᠠᠵᠢᠯᠯᠠᠭ᠎ᠠ ᠪᠠᠨ ᠪᠤᠯᠭᠠᠨ᠂ ᠰᠢᠨ᠎ᠠ ᠪᠠᠶᠢᠳᠠᠯ ᠲᠤᠤᠷᠠᠬᠢᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》 ᠤ ᠠᠵᠢᠯ ᠢ ᠰᠠᠶᠢᠳᠤᠷ ᠬᠢᠭᠦ ᠵᠠᠪᠠᠯ ᠰᠤᠷᠬᠤ ᠬᠢᠴᠢᠶᠡᠯ ᠢᠶᠠᠨ ᠪᠤᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠲᠦᠪ ᠤᠨ ᠨᠢᠭᠡᠳᠦᠭᠡᠷ ᠲᠤᠭᠠᠳᠦ ᠪᠢᠴᠢᠭ᠌ ᠮᠠᠲ᠋ᠧᠷᠢᠶᠠᠯ ᠤᠨ ᠰᠢᠨᠵᠢᠯᠡᠬᠦ ᠤᠬᠠᠭᠠᠨᠴᠢ ᠠᠭᠤᠯᠤᠬᠳᠠᠬᠤᠨ ᠪᠠ ᠦᠨᠳᠦᠰᠦᠨ ᠠᠭᠤᠯᠭ᠎ᠠ ᠶᠢ ᠨᠢ ᠤᠨᠤᠪᠴᠢᠳᠠᠢ ᠡᠵᠡᠮᠰᠢᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠡᠨᠡᠭᠦ ᠲᠤᠮᠤ ᠠᠵᠢᠯ ᠢ ᠦᠨᠡᠨᠭᠦ ᠬᠦᠨᠵᠡᠭᠡᠢ ᠪᠦᠭᠡᠳ ᠨᠠᠷᠢᠯᠢᠭ ᠬᠢᠵᠤ᠂ ᠴᠢᠨᠠᠷᠯᠢᠭ ᠪᠦᠭᠡᠳ ᠠᠮᠢᠳᠤᠯᠢᠭ ᠬᠢᠭᠦ ᠬᠡᠷᠡᠭᠳᠡᠢ ᠬᠡᠪᠡ᠃

    ᠯᠢ ᠵᠢᠢ ᠾᠧᠩ ᠴᠢᠬᠤᠯᠠᠴᠢᠯᠠᠬᠰᠠᠨ ᠨᠢ᠂ ᠬᠠᠩᠭ᠋ᠠᠯᠭ᠎ᠠ ᠶᠢᠨ ᠪᠦᠳᠦᠴᠡ ᠶᠢ ᠰᠢᠯᠢᠳᠡᠭᠵᠢᠭᠦᠯᠭᠦ᠂ ᠪᠤᠬᠢᠷᠳᠦᠯ ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠳᠡᠯᠭᠡᠷᠡᠭᠦᠯᠦᠨ ᠬᠡᠷᠡᠭᠯᠡᠬᠦ᠂ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠶᠢ ᠲᠦᠷᠭᠡᠳᠭᠡᠭᠦ᠂ ᠮᠠᠯᠵᠢᠬᠤ ᠲᠠᠷᠢᠶᠠᠯᠠᠬᠤ ᠤᠷᠤᠨ ᠤ ᠬᠦᠭ᠍ᠵᠢᠯᠳᠡ ᠶᠢᠨ ᠲᠤᠳᠠᠭᠤᠳᠠᠯ ᠢ ᠨᠦᠬᠦᠪᠦᠷᠢᠯᠡᠭᠦ ᠲᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠭᠦᠯᠵᠤ᠂ ᠨᠡᠩ ᠦᠷ᠎ᠡ ᠪᠦᠳᠦᠮᠵᠢ ᠲᠠᠢ ᠨᠡᠩ ᠦᠷ᠎ᠠ ᠠᠰᠢᠭ ᠲᠠᠢ ᠨᠡᠩ ᠦᠷᠭᠦᠯᠵᠢᠯᠡᠭᠦ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭ᠍ᠳᠡᠭᠦᠨ ᠤ ᠬᠠᠩᠭ᠋ᠠᠯᠭ᠎ᠠ ᠶᠢᠨ ᠰᠢᠰᠲ᠋ᠧᠮ ᠢ ᠲᠦᠷᠭᠡᠳᠭᠡᠨ ᠴᠣᠭᠴᠠᠯᠠᠵᠣ᠂ ᠦᠪᠦᠷ ᠮᠤᠩᠭ᠋ᠤᠯ ᠤᠨ ᠮᠠᠯ ᠠᠵᠤ ᠠᠬᠤᠢ ᠲᠠᠷᠢᠶᠠᠯᠠᠩ ᠤᠨ ᠲᠤᠮᠤ ᠤᠷᠤᠨ ᠠᠴᠠ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ᠌ ᠤᠷᠤᠨ ᠲᠡᠰᠢ ᠰᠢᠯᠵᠢᠭᠦ ᠶᠢ ᠠᠬᠢᠭᠤᠯᠬᠤ ᠬᠡᠷᠡᠭᠳᠡᠢ᠃ ᠲᠦᠪ ᠤᠨ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠲᠤᠤᠷ᠎ᠠ᠂ ᠭᠠᠵᠠᠷ ᠤᠷᠤᠨ ᠤ ᠤᠨᠴᠠᠯᠢᠭ ᠲᠠᠭᠠᠨ ᠲᠤᠬᠢᠷᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠡᠯ᠎ᠠ ᠵᠦᠢᠯ ᠤᠨ ᠡᠭᠦᠷᠭᠡ ᠱᠠᠭᠠᠷᠳᠠᠯᠭ᠎ᠠ ᠶᠢ ᠪᠦᠳᠦᠭᠡᠯᠴᠢ ᠪᠠᠷ ᠨᠡᠶᠢᠳᠡᠪᠦᠷᠢᠵᠢᠭᠤᠯᠬᠤ ᠬᠡᠷᠡᠭᠳᠡᠢ᠃ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》 ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭ᠋ᠠᠳᠬᠠᠵᠤ᠂ ᠪᠠᠶᠢᠭᠤᠯᠤᠮᠵᠢ ᠲᠤᠬᠳᠠᠴᠠ ᠶᠢᠨ ᠰᠢᠨ᠎ᠡ ᠶᠢ ᠡᠭᠦᠳᠭᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠡᠶ᠎ᠡ ᠵᠤᠬᠢᠴᠠᠩᠭ᠋ᠤᠢ ᠲᠤᠬᠳᠠᠭᠤᠨ ᠢ ᠬᠠᠮᠠᠭᠠᠯᠠᠵᠤ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠭᠢᠵᠢᠭᠦᠯᠵᠤ᠂ ᠴᠢᠳᠠᠪᠤᠷᠢ ᠪᠤᠯᠤᠨ ᠰᠤᠷᠳᠠᠯ ᠤᠨ ᠪᠠᠶᠢᠭᠤᠯᠤᠯᠳᠠ ᠶᠢ ᠴᠢᠩᠭ᠋ᠠᠳᠬᠠᠨ᠂ ᠮᠠᠯ ᠠᠵᠤ ᠠᠬᠤᠢ ᠲᠠᠷᠢᠶᠠᠯᠠᠩ ᠤᠨ ᠬᠠᠩᠭ᠋ᠠᠯᠭ᠎ᠠ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠰᠠᠶᠢᠳᠤᠷ ᠨᠠᠶᠢᠳᠠᠪᠤᠷᠢᠵᠢᠬᠳᠠᠬᠤ ᠶᠢ ᠪᠠᠳᠤᠯᠠᠨ ᠠᠬᠢᠭᠤᠯᠬᠤ ᠬᠡᠷᠡᠭᠳᠡᠢ ᠬᠡᠵᠡᠢ᠃

    ᠪᠦ᠋ ᠰᠢᠶᠤᠤ ᠯᠢᠨ ᠵᠢᠭᠠᠵᠤ ᠭᠠᠷᠭᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ》 ᠤᠠᠵᠢᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠤᠢᠢᠯᠠᠭᠠᠵᠤ᠂ ᠮᠠᠨ ᠤ ᠤᠯᠤᠰ ᠤᠨ ᠲᠠᠷᠢᠶᠠᠯᠠᠩ ᠲᠠᠷᠢᠶᠠᠯᠠᠬᠤ ᠤᠷᠤᠨ ᠤ ᠬᠦᠭ᠍ᠵᠢᠯᠳᠡ ᠶᠢᠨ ᠰᠡᠳᠬᠢᠴᠡ ᠶᠢᠨ ᠴᠢᠬᠤᠯᠠ ᠬᠤᠪᠢᠷᠠᠯᠳᠠ ᠶᠢ ᠬᠦᠨᠵᠡᠭᠡᠢ ᠤᠢᠢᠯᠠᠭᠠᠨ᠂ ᠮᠠᠯ ᠠᠵᠤ ᠠᠬᠤᠢ ᠲᠠᠷᠢᠶᠠᠯᠠᠩ ᠤᠨ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠴᠢᠬᠤᠯᠠ ᠠᠴᠢ ᠬᠤᠯᠪᠤᠬᠳᠠᠯ ᠢ ᠬᠦᠨᠵᠡᠭᠡᠢ ᠤᠢᠢᠯᠠᠭᠠᠵᠤ᠂ ᠲᠦᠪ ᠤᠨ ᠨᠢᠭᠡᠳᠦᠭᠡᠷ ᠲᠤᠭᠠᠳᠦ ᠪᠢᠴᠢᠭ᠌ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭ᠋ᠠᠳᠬᠠᠵᠤ᠂ ᠠᠵᠢᠯ ᠢ ᠨᠡᠶᠢᠳᠡᠪᠦᠷᠢᠵᠢᠭᠤᠯᠬᠤ ᠶᠢ ᠴᠢᠩᠭ᠋ᠠᠷᠠᠭᠤᠯᠤᠨ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠲᠠᠰᠤᠷᠠᠯᠳᠠ ᠦᠭᠡᠢ ᠰᠢᠨ᠎ᠠ ᠠᠬᠢᠴᠠ ᠰᠢᠨ᠎ᠠ ᠰᠢᠪᠳᠣᠯᠣᠯᠳᠠ ᠲᠠᠢ ᠪᠣᠯᠬᠤ ᠶᠢ ᠴᠢᠷᠮᠠᠶᠢᠨ ᠠᠬᠢᠭᠤᠯᠵᠤ᠂ ᠮᠠᠨ ᠤ ᠤᠷᠤᠨ ᠤᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》 ᠤ ᠠᠵᠢᠯ ᠤᠨ ᠰᠢᠨ᠎ᠠ ᠪᠠᠶᠢᠳᠠᠯ ᠢ ᠨᠡᠭᠡᠭᠡᠭᠦ ᠬᠡᠷᠡᠭᠳᠡᠢ ᠬᠡᠵᠡᠢ᠃

    ᠡᠯ᠎ᠠ ᠠᠶᠢᠮᠠᠭ ᠬᠤᠳᠠ᠂ ᠬᠤᠰᠢᠭᠤ ᠰᠢᠶᠠᠨ(ᠬᠤᠳᠠ᠂ ᠲᠤᠭᠤᠷᠢᠭ) ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠭᠡᠴᠡ ᠶᠢᠨ ᠭᠤᠤᠯ ᠬᠠᠷᠢᠭᠤᠴᠠᠯᠭᠠᠳᠠᠳ ᠰᠤᠳᠤᠯᠤᠨ ᠶᠠᠷᠢᠯᠴᠠᠬᠤ ᠠᠩᠬᠢ ᠳ᠋ᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120667830