蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠬᠠᠮᠳᠤ ᠶᠢᠨ ᠰᠤᠷᠤᠯᠴᠠᠯᠭ᠎ᠠ ᠶᠢ ᠡᠷᠬᠢᠯᠡᠪᠡ

2017-03-23 15:29

     3 ᠰᠠᠷ᠎ᠠ ᠶᠢᠨ 22 ᠤᠨ ᠡᠲᠦᠷ ᠤᠨ ᠦᠲᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ 2017 ᠤᠨ ᠤ ᠭᠤᠷᠪᠠᠲᠤᠭᠠᠷ ᠤᠲᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠰᠤᠷᠤᠯᠴᠠᠯᠭ᠎ᠠ ᠶᠢᠨ ᠭᠤᠤᠯ ᠰᠡᠳᠦᠪ ᠪᠤᠯ᠂ ᠬᠠᠦᠯᠢ ᠪᠡᠷ ᠤᠯᠤᠰ ᠶᠢᠡᠨ ᠵᠠᠰᠠᠬᠤ ᠪᠠ ᠶᠤᠰᠤ ᠮᠤᠷᠠᠯ ᠶᠢᠡᠷ ᠤᠯᠤᠰ ᠶᠢᠡᠨ ᠵᠠᠰᠠᠬᠤ ᠶᠢ ᠤᠶᠠᠯᠲᠤᠭᠤᠯᠵᠤ᠂ ᠵᠠᠰᠠᠬᠤ ᠰᠢᠰᠲ᠋ᠸᠮ ᠪᠠ ᠵᠠᠰᠠᠬᠤ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠤᠨ᠎ᠠ᠃ ᠤᠲᠤᠷᠢᠳᠬᠤ ᠺᠠᠳ᠋ᠷᠴᠤᠳ ᠤᠨ ᠬᠠᠤᠯᠢ ᠪᠡᠷ ᠤᠯᠤᠰ ᠶᠢᠡᠨ ᠵᠠᠰᠠᠬᠤ ᠲᠤᠮᠲᠠᠬᠢ ᠵᠠᠩᠬᠢᠯᠠᠭ᠎ᠠ ᠶᠢᠨ ᠦᠢᠯᠡᠳᠦᠯ ᠢ ᠪᠠᠲᠠᠷᠠᠭᠤᠯᠵᠤ᠂ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠦᠯᠢᠵᠢᠯ ᠤᠨ ᠪᠠᠢᠢᠭᠤᠯᠤᠯᠲᠠ ᠶᠢ ᠠᠬᠢᠭᠤᠯᠬᠤ ᠨᠢᠭᠡᠲᠦᠭᠡᠷ ᠬᠠᠷᠢᠭᠤᠴᠠᠯᠭᠠᠲᠤ ᠬᠦᠮᠦᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠬᠦ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᠾᠸᠩ ᠶᠠᠷᠢᠶ᠎ᠠ ᠲᠠᠯᠪᠢᠪᠠ᠃

    3 ᠰᠠᠷ᠎ᠠ ᠶᠢᠨ 21 ᠤ ᠡᠲᠦᠷ ᠂ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠪᠦᠷᠢᠯᠳᠦᠭᠦᠨ ᠨᠠᠷ ᠶᠡᠷᠦᠩᠬᠡᠢ ᠱᠦᠵᠢ ᠰᠢ ᠶᠢᠨᠫᠢᠩ ᠤᠨ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠭᠤᠴᠢᠨ ᠲᠤᠯᠤᠳᠤᠭᠠᠷ ᠤᠲᠠᠭ᠎ᠠ ᠶᠢᠨ ᠬᠠᠮᠳᠤ ᠶᠢᠨ ᠰᠤᠷᠤᠯᠴᠠᠯᠭ᠎ᠠ  ᠳᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ<ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠬᠠᠤᠯᠢᠵᠢᠯ ᠤᠨ ᠪᠠᠶᠢᠭᠤᠯᠤᠯᠳᠠ ᠶᠢ  ᠠᠬᠢᠭᠤᠯᠬᠤ ᠨᠢᠭᠡᠳᠦᠭᠡᠷ ᠬᠠᠷᠢᠭᠤᠴᠠᠯᠭᠠᠳᠦ ᠬᠦᠮᠦᠨ ᠤ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠭᠦ ᠲᠤᠬᠳᠠᠭᠠᠯ> ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯᠵᠡᠷᠭᠡ ᠪᠢᠴᠢᠭ᠌ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂  ᠪᠤᠳᠠᠳᠠᠢ ᠲᠠᠢ ᠪᠠᠨ ᠤᠶᠠᠯᠳᠤᠭᠤᠯᠤᠨ ᠬᠦᠨᠵᠡᠭᠡᠢ ᠰᠡᠳᠬᠢᠵᠤ᠂ ᠤᠯᠤᠯᠳᠡ ᠲᠦᠷᠦᠭᠳᠡᠯ ᠪᠢᠴᠢᠵᠡᠭᠡᠪᠡ᠃ ᠬᠠᠮᠳᠤ ᠶᠢᠨ  ᠰᠤᠷᠤᠯᠴᠠᠯᠭ᠎ᠠ ᠶᠢᠨ ᠬᠤᠷᠠᠯ ᠲᠡᠭᠡᠷ᠎ᠡ᠂ ᠪᠦ᠋ ᠰᠢᠶᠤᠤ ᠯᠢᠨ᠂ ᠷᠧᠨ ᠶᠠ ᠫᠢᠩ᠂ ᠯᠢ ᠵᠢᠶᠠ᠂ ᠽᠧᠩ ᠢ ᠴᠦᠨ᠂ ᠯᠢᠦ ᠴᠢ ᠹᠠᠨ᠂ ᠵᠠᠩ  ᠶᠤᠸᠠᠨ ᠵᠦᠩ᠂ ᠪᠠᠢ ᠢᠤᠢ ᠭᠠᠩ᠂ ᠯᠦᠸᠧ ᠶᠦᠩ ᠭᠠᠩ᠂ ᠬᠤᠷᠴᠠ᠂ ᠮᠠ ᠮᠢᠩ᠂ ᠴᠠᠩ ᠵᠢᠶᠦ᠋ᠨ ᠵᠧᠩ ᠵᠡᠷᠭᠡ 11 ᠨᠦᠬᠦᠷ ᠭᠤᠤᠯᠳᠠᠯᠭ᠎ᠠ ᠲᠠᠢ ᠦᠭᠡ ᠬᠡᠯᠡᠪᠡ᠃

    ᠯᠢ ᠵᠢᠢ ᠾᠧᠩ ᠶᠠᠷᠢᠶᠠᠨ ᠳᠠᠭᠠᠨ ᠵᠢᠭᠠᠵᠤ ᠭᠠᠷᠭᠠᠬᠰᠠᠨ ᠨᠢ᠂ ᠨᠠᠮ ᠤᠨ ᠠᠷᠪᠠᠠ ᠨᠠᠶ᠋ᠮᠠᠲᠤᠭᠠᠷ ᠶᠡᠭᠡ ᠬᠤᠷᠠᠯ ᠠᠴᠠ ᠨᠠᠭᠠᠰᠢ᠂  ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠬᠠᠤᠯᠢᠵᠢᠯ ᠤᠨ ᠪᠠᠶᠢᠭᠤᠯᠤᠯᠳᠠ ᠪᠠ ᠦᠵᠡᠯ ᠰᠠᠨᠠᠭ᠎ᠠ  ᠶᠤᠰᠤ ᠮᠤᠷᠠᠯ ᠤᠨ ᠪᠠᠶᠢᠭᠤᠯᠤᠯᠳᠠ ᠶᠢ ᠲᠡᠭᠡᠳᠦ ᠬᠡᠮᠵᠢᠶ᠎ᠠ ᠪᠠᠷ ᠬᠦᠨᠳᠦᠳᠭᠡᠨ ᠦᠵᠡᠪᠡ᠃ ᠬᠠᠤᠯᠢ ᠪᠠᠷ ᠵᠠᠰᠠᠬᠤ ᠪᠠ ᠶᠤᠰᠤ ᠮᠤᠷᠠᠯ ᠢᠶᠠᠷ  ᠵᠠᠰᠬᠠᠤ ᠶᠢ ᠤᠷᠭᠠᠨᠢᠭ ᠢᠶᠠᠷ ᠤᠶᠠᠯᠳᠤᠭᠤᠯᠬᠤ ᠶᠢᠨ ᠲᠤᠭᠤᠷᠢᠨ ᠳᠤ᠂ ᠨᠠᠮ ᠤᠨ ᠲᠦᠪ ᠬᠤᠷᠢᠶ᠎ᠠ ᠠᠯᠢ ᠣᠯᠠᠨ ᠴᠢᠬᠤᠯᠠ ᠪᠠᠶᠢᠷᠢᠯᠠᠭᠤᠯᠤᠯᠳᠠ ᠬᠢᠵᠤ᠂ ᠶᠡᠷᠦᠩᠬᠡᠢ ᠱᠦᠵᠢ ᠰᠢ ᠶᠢᠨ ᠫᠢᠩ ᠠᠯᠢ ᠣᠯᠠᠨ ᠴᠢᠬᠤᠯᠠ ᠦᠭᠦᠯᠡᠯᠳᠡ ᠨᠡᠶᠢᠳᠡᠯᠡᠵᠤ᠂ ᠪᠢᠳᠡᠡ ᠤ ᠠᠵᠢᠯ ᠢᠶᠠᠨ ᠰᠠᠶᠢᠳᠤᠷ ᠬᠢᠭᠦ ᠳᠤ ᠴᠢᠷᠮᠠᠶᠢᠬᠤ ᠴᠢᠭᠯᠡᠯ ᠢ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭ᠋ᠠᠪᠠ᠃ ᠡᠯ᠎ᠠ ᠭᠠᠵᠠᠷ ᠤᠷᠤᠨ  ᠡᠯ᠎ᠠ ᠰᠠᠯᠠᠭ᠎ᠠ ᠮᠦᠴᠢᠷ ᠪᠠ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠵᠤᠬᠰᠤᠴᠠ ᠪᠠᠨ ᠲᠡᠭᠡᠭ᠍ᠰᠢᠯᠡᠭᠦᠯᠦᠨ᠂  ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠪᠠ ᠶᠤᠰᠤ ᠮᠤᠷᠠᠯ ᠢᠶᠠᠷ ᠵᠠᠰᠠᠬᠤ ᠶᠢ ᠤᠶᠠᠯᠳᠤᠭᠤᠯᠬᠤ ᠶᠢ ᠠᠬᠢᠭᠤᠯᠬᠤ ᠶᠢ 《ᠲᠦᠷᠪᠡᠨ ᠤᠬᠠᠮᠰᠠᠷ》   ᠢᠶᠡᠨ ᠴᠢᠩᠭ᠋ᠠᠷᠠᠭᠤᠯᠬᠤ ᠪᠤᠳᠠᠳᠠᠢ ᠢᠯᠡᠷᠡᠯ ᠢᠶᠠᠨ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠬᠠᠮᠠᠭᠠᠯᠠᠬᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠪᠤᠳᠠᠳᠤ ᠠᠵᠢᠯᠯᠠᠭ᠎ᠠ ᠪᠠᠨ ᠪᠤᠯᠭᠠᠵᠣ᠂  ᠰᠢᠨ᠎ᠠ ᠪᠠᠶᠢᠳᠠᠯ ᠲᠤᠤᠷᠠᠬᠢ ᠤᠳᠤᠷᠢᠳᠬᠤ ᠠᠵᠢᠯ ᠢ ᠰᠠᠶᠢᠳᠤᠷ ᠬᠢᠭᠦ ᠦᠨᠳᠦᠰᠦᠨ ᠴᠢᠳᠠᠪᠤᠷᠢ ᠪᠠᠨ ᠪᠤᠯᠭᠠᠵᠤ᠂ ᠨᠢᠭᠡ ᠲᠠᠯ᠎ᠠ ᠪᠠᠷ  ᠬᠠᠤᠯᠢ ᠪᠠᠷ ᠵᠠᠰᠠᠬᠤ ᠶᠢ ᠠᠳᠬᠤᠨ᠂ ᠨᠦᠬᠦᠭᠡ ᠲᠠᠯ᠎ᠠ ᠪᠠᠷ ᠶᠤᠰᠤ ᠮᠤᠷᠠᠯ ᠢᠶᠠᠷ ᠵᠠᠰᠠᠬᠤ ᠶᠢ ᠠᠳᠬᠤᠵᠣ᠂ ᠬᠠᠤᠯᠢ ᠪᠠᠷ ᠵᠠᠰᠠᠬᠤ ᠪᠠ ᠶᠤᠰᠤ ᠮᠤᠷᠠᠯ ᠢᠶᠠᠷ ᠵᠠᠰᠠᠬᠤ ᠶᠢᠨ ᠬᠠᠷᠢᠯᠴᠠᠨ ᠨᠦᠬᠦᠪᠦᠷᠢᠯᠡᠵᠤ᠂ ᠬᠠᠷᠢᠯᠴᠠᠨ ᠠᠬᠢᠭᠤᠯᠦᠨ᠂ ᠬᠠᠷᠢᠯᠴᠠᠨ ᠠᠰᠢᠭ ᠬᠦᠷᠳᠡᠭᠦ ᠶᠢ ᠠᠬᠢᠭᠤᠯᠬᠤ ᠬᠡᠷᠡᠭᠳᠡᠢ ᠬᠡᠪᠡ᠃

    ᠯᠢ ᠵᠢᠢ ᠾᠧᠩ ᠴᠢᠬᠤᠯᠠᠴᠢᠯᠠᠬᠰᠠᠨ ᠨᠢ᠂ ᠬᠠᠤᠯᠢ ᠴᠠᠭᠠᠵᠠ ᠶᠢᠨ ᠶᠤᠰᠤ ᠮᠤᠷᠠᠯ ᠤᠨ ᠪᠠᠶᠢᠭᠤᠯᠤᠯᠳᠠ ᠳᠠᠬᠢ ᠠᠬᠢᠭᠤᠯᠬᠤ  ᠦᠢᠯᠡᠳᠦᠯ ᠢ ᠴᠢᠩᠭ᠋ᠠᠷᠠᠭᠤᠯᠵᠤ᠂ ᠬᠠᠤᠯᠢ ᠲᠤᠬᠳᠠᠭᠠᠬᠤ᠂ ᠬᠠᠤᠯᠢ ᠬᠡᠷᠡᠭᠵᠢᠭᠦᠯᠭᠦ᠂ ᠬᠠᠤᠯᠢ ᠶᠠᠪᠤᠭᠤᠯᠬᠤ ᠡᠯ᠎ᠠ ᠭᠤᠬᠴᠤᠭ᠎ᠠ ᠳᠤ ᠨᠡᠶᠢᠭᠡᠮ ᠵᠢᠷᠤᠮ ᠤᠨ ᠶᠤᠰᠤ ᠮᠤᠷᠠᠯ ᠤᠨ ᠱᠠᠭᠠᠷᠳᠠᠯᠭ᠎ᠠ ᠶᠢ ᠬᠦᠢᠴᠡᠳ ᠢᠯᠡᠷᠡᠭᠦᠯᠵᠤ᠂ ᠨᠡᠶᠢᠭᠡᠮ ᠵᠢᠷᠤᠮ ᠤᠨ ᠬᠠᠤᠯᠢᠵᠢᠯ ᠢ ᠰᠠᠶᠢᠨ ᠬᠠᠤᠯᠢ ᠪᠠᠷ ᠴᠢᠳᠠᠮᠠᠭᠠᠢ ᠵᠠᠰᠠᠬᠤ ᠪᠤᠯᠭᠠᠬᠤ ᠬᠡᠷᠡᠭᠳᠡᠢ᠃ ᠶᠤᠰᠤ ᠮᠤᠷᠠᠯ ᠤᠨ ᠬᠠᠤᠯᠢᠵᠢᠯ ᠤᠨ ᠪᠠᠶᠢᠭᠤᠯᠤᠯᠳᠠ ᠳᠠᠬᠢ ᠲᠤᠯᠭᠠᠭᠤᠷᠢᠯᠠᠬᠤ ᠦᠢᠯᠡᠳᠦᠯ ᠢ ᠴᠢᠩᠭ᠋ᠠᠷᠠᠭᠤᠯᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢᠨ ᠪᠠᠶᠢᠭᠤᠯᠤᠯᠳᠠ ᠶᠢ ᠬᠦᠴᠦᠯᠡᠨ ᠠᠬᠢᠭᠤᠯᠵᠤ᠂ ᠠᠷᠠᠳ ᠢᠷᠭᠡᠳ ᠤᠨ ᠶᠤᠰᠤ ᠮᠤᠷᠠᠯ ᠤᠨ ᠪᠠᠶᠢᠭᠤᠯᠤᠯᠳᠠ ᠶᠢᠨ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠬᠡᠷ ᠪᠦᠯᠢ ᠬᠡᠷ ᠤᠨ ᠰᠤᠷᠭᠠᠯ ᠬᠡᠷ ᠤᠨ ᠰᠤᠷᠳᠠᠯ ᠤᠨ ᠪᠠᠶᠢᠭᠤᠯᠤᠯᠳᠠ ᠶᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠪᠦᠬᠦ ᠨᠡᠶᠢᠭᠡᠮ ᠤᠨ ᠦᠵᠡᠯ ᠰᠠᠨᠠᠭ᠎ᠠ ᠶᠤᠰᠤ ᠮᠤᠷᠠᠯ ᠤᠨ ᠬᠡᠪ ᠪᠤᠯᠪᠠᠰᠤᠷᠠᠯ ᠪᠣᠯᠣᠨ ᠪᠤᠯᠪᠠᠰᠤᠨ ᠤ ᠬᠡᠮᠵᠢᠶ᠎ᠠ ᠶᠢ ᠲᠡᠭᠡᠭ᠍ᠰᠢᠯᠡᠭᠦᠯᠵᠤ᠂ ᠬᠠᠤᠯᠢᠵᠢᠯ ᠤᠨ ᠦᠪᠦᠷ  ᠮᠤᠩᠭ᠋ᠤᠯ ᠤᠨ ᠪᠠᠶᠢᠭᠤᠯᠤᠯᠳᠠ ᠳᠤ ᠰᠠᠶᠢᠨ ᠰᠠᠶᠢᠬᠠᠨ ᠬᠦᠮᠦᠨ ᠨᠡᠶᠢᠭᠡᠮ ᠤᠨ ᠤᠷᠴᠢᠨ ᠲᠤᠭᠤᠷᠢᠨ ᠢ ᠡᠭᠦᠳᠦᠨ ᠦᠭ᠍ᠬᠦ ᠬᠡᠷᠡᠭᠳᠡᠢ  ᠬᠡᠪᠡ᠃

    ᠯᠢ ᠵᠢᠢ ᠾᠧᠩ ᠴᠢᠬᠤᠯᠠᠴᠢᠯᠠᠬᠰᠠᠨ ᠨᠢ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠦᠪᠡᠷ ᠤᠨ ᠢᠶᠠᠨ ᠬᠠᠤᠯᠢᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ᠂ ᠶᠤᠰᠤ ᠮᠤᠷᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠮᠳᠠᠬᠢ ᠴᠢᠬᠤᠯᠠ ᠲᠤᠰᠢᠶᠠᠯ ᠬᠠᠷᠢᠭᠤᠴᠠᠯᠭ᠎ᠠ ᠪᠠ ᠴᠢᠬᠤᠯᠠ ᠦᠢᠯᠡᠳᠦᠯ ᠢᠶᠠᠨ ᠪᠠᠳᠤ ᠴᠡᠭᠡᠵᠢᠯᠠᠵᠤ᠂ ᠪᠡᠶ᠎ᠠ ᠠᠴᠠ ᠪᠠᠨ ᠡᠬᠢᠯᠡᠨ ᠬᠢᠵᠤ᠂ ᠨᠠᠷᠢᠨ ᠵᠦᠢᠯ ᠠᠴᠠ ᠭᠠᠷᠳᠠᠵᠤ᠂ ᠬᠠᠤᠯᠢ ᠶᠢ ᠬᠦᠨᠳᠦᠳᠭᠡᠨ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠭᠦ ᠵᠢᠱᠢᠶᠡᠴᠢ ᠪᠤᠯᠵᠣ᠂ ᠬᠡᠪ ᠪᠤᠯᠪᠠᠰᠤᠷᠠᠯ ᠢ  ᠡᠷᠬᠢᠮᠯᠡᠭᠦ᠂ ᠶᠤᠰᠤ ᠮᠤᠷᠠᠯ ᠢ ᠡᠷᠬᠢᠮᠯᠡᠭᠦ᠂ ᠴᠢᠬᠡᠴᠢ ᠰᠢᠳᠣᠷᠭᠤ ᠶᠢ ᠡᠷᠬᠢᠮᠯᠡᠭᠦ ᠦᠯᠢᠭᠡᠷ ᠲᠠᠭᠤᠷᠢᠶᠠᠯ ᠪᠤᠯᠵᠤ᠂ ᠬᠠᠤᠯᠢ ᠪᠠᠷ ᠵᠠᠰᠠᠬᠤ ᠪᠠ ᠶᠤᠰᠦ ᠮᠤᠷᠠᠯ ᠢᠶᠡᠷ ᠵᠠᠰᠠᠬᠤ ᠶᠢᠨ ᠵᠢᠱᠢᠶ᠎ᠠ ᠦᠵᠡᠭᠦᠯᠬᠦ ᠬᠦᠳᠦᠯᠦᠨ ᠲᠠᠭᠠᠭᠤᠯᠤᠬᠴᠢ ᠪᠠ ᠬᠦᠴᠦᠨ ᠪᠦᠬᠦᠢ ᠠᠬᠢᠭᠤᠯᠤᠬᠴᠢ ᠪᠤᠯᠬᠤ ᠬᠡᠷᠡᠭᠳᠡᠢ᠃ ᠡᠯ᠎ᠠ ᠱᠠᠳᠤᠨ ᠤ 《ᠭᠤᠣᠯ ᠬᠠᠷᠢᠭᠤᠴᠠᠯᠭᠠᠳᠠᠨ》《ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠳᠣ ᠬᠦᠮᠦᠨ ᠤ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠭᠦ ᠲᠤᠬᠳᠠᠭᠠᠯ》 ᠢ ᠬᠢᠨᠠᠮᠠᠭᠠᠢ ᠨᠡᠶᠢᠳᠡᠪᠦᠷᠢᠵᠢᠭᠤᠯᠵᠤ᠂ ᠬᠠᠤᠯᠢᠵᠢᠯ ᠤᠨ ᠪᠠᠶᠢᠭᠤᠯᠤᠯᠳᠠ ᠶᠢᠨ ᠴᠢᠬᠤᠯᠠ ᠬᠠᠷᠢᠭᠤᠴᠠᠯᠭ᠎ᠠ ᠶᠢ ᠰᠡᠳᠬᠢᠯ ᠳᠡᠭᠡᠨ ᠪᠠᠳᠤ ᠴᠡᠭᠡᠵᠢᠯᠡᠨ᠂ ᠭᠠᠷ ᠲᠠᠭᠠᠨ ᠴᠢᠩᠭ᠋᠎ᠠ ᠠᠳᠬᠤᠬᠤ ᠬᠡᠷᠡᠭᠳᠡᠢ ᠬᠡᠵᠡᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120681844