蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠪᠤᠭᠤᠳᠤ ᠬᠤᠳᠠ ᠶᠢᠨ ᠲᠦᠮᠡᠳ ᠪᠠᠷᠠᠭᠤᠨ ᠬᠤᠰᠢᠭᠤᠨ ᠳᠤ ᠡᠬᠦᠰᠦᠭᠰᠡᠨ ᠲᠡᠯᠪᠡᠷᠡᠯᠳᠡ ᠶᠢᠨ ᠤᠰᠤᠯ ᠡᠴᠡ ᠠᠪᠤᠷᠠᠨ ᠲᠤᠰᠠᠯᠠᠬᠤ ᠠᠵᠢᠯ ᠳᠤ ᠴᠢᠬᠤᠯᠠ ᠵᠢᠭᠠᠪᠤᠷᠢ ᠦᠭ᠍ᠪᠡ

2017-03-26 10:08

    3 ᠰᠠᠷ᠎ᠠ ᠶᠢᠨ 25 ᠤ ᠡᠳᠤᠷ ᠤᠨ ᠦᠳᠡ ᠡᠴᠡ ᠬᠤᠢᠢᠰᠢᠬᠢ 2 ᠴᠠᠭ ᠤᠷᠴᠢᠮ ᠢᠶᠡᠷ᠂ ᠪᠤᠭᠤᠳᠤ ᠬᠤᠳᠠ ᠶᠢᠨ ᠲᠦᠮᠡᠳ ᠪᠠᠷᠠᠭᠤᠨ ᠬᠤᠰᠢᠭᠤᠨ ᠤ ᠨᠢᠬᠡᠨ ᠰᠠᠭᠤᠭᠠᠯᠢ ᠠᠷᠠᠳ ᠤᠨ ᠲᠤᠭᠤᠷᠢᠭ ᠲᠤ ᠪᠠᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠳᠤ ᠲᠡᠯᠪᠡᠷᠡᠯᠳᠡ ᠡᠬᠦᠰᠪᠡ᠃

    ᠤᠰᠤᠯ ᠤᠨ ᠲᠠᠷᠠᠭ᠎ᠠ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠠᠮᠤᠭ ᠤᠨ ᠲᠦᠷᠬᠡᠨ ᠢᠶᠡᠷ ᠴᠢᠬᠤᠯᠠ ᠵᠢᠭᠠᠪᠤᠷᠢ ᠦᠭᠴᠤ᠂ ᠪᠤᠭᠤᠳᠤ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠡᠷᠬᠡᠪᠰᠢ ᠲᠦᠮᠡᠳ ᠪᠠᠷᠠᠭᠤᠨ ᠬᠤᠰᠢᠭᠤᠨ ᠤ ᠭᠧᠤ ᠮᠧᠨ ᠪᠠᠯᠭᠠᠰᠤ ᠶᠢᠨ ᠬᠤᠢᠢᠲᠤ ᡁᠢ ᠲᠦ᠋ ᠲᠤᠰᠬᠤᠨ ᠤ ᠰᠢᠶᠠᠩ ᠶᠠᠩ ᠰᠠᠭᠤᠭᠠᠯᠢ ᠠᠷᠠᠳ ᠤᠨ ᠲᠤᠭᠤᠷᠢᠭ ᠲᠤ ᠡᠬᠦᠰᠦᠭᠰᠡᠨ ᠪᠠᠢᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠡᠯᠪᠡᠷᠡᠯᠳᠡ ᠡᠬᠦᠰᠦᠭᠰᠡᠨ ᠤᠰᠤᠯ ᠢ ᠴᠢᠬᠤᠯᠠᠴᠢᠯᠠᠨ ᠦᠵᠡᠵᠤ᠂ ᠲᠦᠷᠬᠡᠨ ᠰᠢᠭᠤᠷᠬᠠᠢ ᠪᠡᠷ ᠪᠦᠬᠦ ᠬᠦᠴᠦᠨ ᠢᠶᠡᠨ ᠵᠤᠬᠢᠶᠠᠨ ᠪᠠᠢᠭᠤᠯᠵᠤ ᠢᠷᠭᠡᠳ ᠢ ᠠᠪᠤᠷᠠᠨ ᠲᠤᠰᠠᠯᠠᠬᠤ ᠠᠵᠢᠯ ᠢ ᠬᠢᠵᠤ᠂ ᠰᠢᠷᠬᠠᠳᠤᠭᠰᠠᠳ ᠢ ᠵᠤᠬᠢᠰᠲᠠᠢ ᠲᠦᠪᠬᠢᠨᠡᠭᠦᠯᠬᠦ᠂ ᠭᠡᠷ ᠪᠦᠯᠢ ᠶᠢ ᠨᠢ ᠪᠤᠯᠭᠤᠭᠠᠨ ᠲᠤᠬᠤᠨᠢᠭᠤᠯᠬᠤ ᠠᠵᠢᠯ ᠢ ᠰᠠᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠡᠷ ᠠᠪᠤᠷᠠᠯᠲᠠ ᠬᠢᠵᠤ ᠳᠠᠬᠢᠨᠲᠠ ᠤᠰᠤᠯ ᠡᠭᠦᠰᠬᠦ ᠶᠢ ᠰᠡᠷᠭᠡᠢᠯᠡᠬᠦ ᠬᠡᠷᠡᠭᠲᠡᠢ᠃ ᠰᠢᠯᠲᠠᠭᠠᠨ ᠢ ᠲᠦᠷᠭᠡᠨ ᠲᠤᠳᠤᠯᠠᠵᠤ ᠬᠠᠤᠯᠢ ᠴᠠᠭᠠᠵᠠ ᠳᠦᠷᠢᠮ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠶᠠᠷᠢᠶ᠎ᠠ ᠬᠡᠯᠡᠯᠴᠡᠬᠡ ᠶᠢ ᠵᠦᠪ ᠲᠠᠭᠠᠭᠤᠯᠤᠨ᠂ ᠨᠡᠢᠢᠭᠡᠮ ᠤᠨ ᠠᠩᠬᠠᠷᠤᠯ ᠢ ᠴᠠᠭ ᠲᠤᠬᠠᠢ ᠳᠤ ᠨᠢ ᠲᠤᠰᠬᠠᠬᠤ ᠪᠦᠭᠡᠳ ᠨᠡᠢᠢᠭᠡᠮ ᠤᠨ ᠡᠮᠬᠢ ᠲᠢᠭ᠍ᠯᠢᠮ ᠲᠤᠭᠳᠠᠭᠤᠨ ᠪᠠᠢᠢᠬᠤ ᠶᠢ ᠪᠠᠳᠤᠯᠠᠬᠤ ᠬᠡᠷᠡᠭᠲᠡᠢ᠃ ᠭᠠᠷᠴᠦ ᠮᠡᠳᠡᠬᠦ ᠠᠶᠤᠯ ᠢ ᠬᠦᠢᠴᠡᠳ ᠵᠢᠱᠢᠨ᠂ ᠦᠪᠦᠷ ᠮᠤᠩᠭ᠋ᠤᠯ ᠤᠨ ᠠᠶᠤᠯᠬᠦᠢ ᠦᠢᠯᠡᠳᠪᠦᠷᠢᠯᠡᠯ ᠤᠨ ᠪᠠᠢᠢᠲᠠᠯ ᠢ ᠬᠦᠨᠵᠡᠬᠡᠢ ᠬᠢᠨᠠᠨ ᠰᠢᠯᠭᠠᠵᠤ᠂ ᠨᠢᠭᠤᠭᠳᠠᠮᠠᠯ ᠠᠶᠤᠯ ᠢ ᠡᠬᠢᠨ ᠡᠴᠡ ᠨᠢ ᠤᠰᠠᠳᠬᠠᠵᠤ᠂ ᠢᠷᠬᠡᠳ ᠤᠨ ᠠᠮᠢ ᠨᠠᠰᠤ ᠡᠳ᠋ ᠬᠦᠷᠦᠩᠬᠡ ᠶᠢᠨ ᠠᠶᠤᠯᠬᠦᠢ ᠪᠠᠢᠢᠬᠤ ᠪᠠᠳᠤᠯᠠᠬᠤ ᠬᠡᠷᠡᠭᠲᠡᠢ ᠬᠡᠵᠡᠢ᠃

ᠢᠷᠡᠯᠳᠡ᠄ ᠦᠪᠦᠷ ᠮᠤᠩᠭ᠋ᠤᠯ ᠤᠨ ᠷᠠᠳᠢᠣ᠋ ᠲᠧᠯᠧᠶ᠋ᠰ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120695852