蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ ᠤ ᠰᠠᠶᠢᠳ ᠴᠧᠨ ᠪᠤᠤ ᠱᠧᠩ ᠦᠪᠦᠷ ᠮᠤᠩᠭ᠋ᠤᠯ ᠳ᠋ᠤ ᠪᠠᠶᠢᠴᠠᠭᠠᠨ ᠰᠣᠳᠣᠯᠣᠯᠲᠠ ᠬᠢᠵᠡᠢ

2017-03-27 15:33

    3 ᠰᠠᠷ᠎ᠠ ᠶᠢᠨ 24  ᠡᠴᠡ 25 ᠤ ᠡᠲᠦᠷ ᠪᠤᠯᠳᠠᠯ᠎ᠠ᠂ ᠰᠤᠷᠭᠠᠨ ᠬᠦᠮᠦᠵᠢᠯ ᠤᠨ ᠶᠠᠮᠤᠨ ᠤ ᠰᠠᠶᠢᠳ ᠴᠧᠨ ᠪᠤᠤ ᠱᠧᠩ ᠦᠪᠦᠷ ᠮᠤᠩᠭ᠋ᠤᠯ ᠤᠨ ᠬᠡᠰᠡᠭ ᠬᠡᠤᠭᠡᠳ ᠤᠨ ᠴᠡᠴᠡᠷᠯᠢᠭ᠂ ᠲᠤᠮᠳᠠᠳᠤ ᠪᠠᠭ᠎ᠠ ᠰᠤᠷᠭᠠᠭᠤᠯᠢ᠂ ᠶᠡᠭᠡ ᠲᠡᠭᠡᠳᠦ ᠰᠤᠷᠭᠠᠭᠤᠯᠢ ᠵᠢᠴᠢ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠶᠢᠡᠷ ᠬᠦᠷᠴᠦ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠳᠤ ᠰᠤᠷᠭᠠᠨ ᠬᠦᠮᠦᠵᠢᠯ ᠤᠨ ᠠᠵᠢᠯ ᠤᠨ ᠶᠠᠷᠢᠯᠴᠠᠬᠤ ᠬᠤᠷᠠᠯ ᠳ᠋ᠤ ᠤᠷᠤᠯᠴᠠᠪᠠ᠃ ᠲᠡᠷᠡ ᠴᠢᠬᠤᠯᠠᠴᠢᠯᠠᠬᠰᠠᠨ ᠨᠢ᠂ ᠦᠷᠭᠡᠨ ᠤᠯᠠᠨ ᠪᠠᠭᠰᠢ ᠠᠵᠢᠯᠳᠠᠨ ᠪᠤᠯ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠠᠬᠢᠭᠤᠯᠬᠤ ᠭᠤᠤᠯ ᠬᠦᠴᠦᠨ ᠴᠡᠷᠢᠭ ᠪᠠ ᠡᠷᠬᠢᠮ ᠨᠠᠨᠳᠢᠨ ᠡᠳ᠋ ᠬᠦᠷᠦᠩᠭᠡ ᠪᠣᠯᠣᠨ᠎ᠠ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠭᠡᠨ ᠰᠤᠷᠭᠠᠨ ᠬᠦᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠪᠢᠴᠢᠭ᠌ ᠵᠢᠭᠠᠵᠤ ᠬᠦᠮᠦᠨ ᠬᠦᠮᠦᠵᠢᠭᠦᠯᠭᠦ ᠰᠠᠶᠢᠨ ᠰᠠᠶᠢᠬᠠᠨ ᠤᠷᠴᠢᠨ ᠲᠤᠭᠤᠷᠢᠨ ᠢ ᠪᠣᠢ ᠪᠣᠯᠭᠠᠬᠤ ᠬᠡᠷᠡᠭᠳᠡᠢ ᠬᠡᠵᠡᠢ᠃   

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠶᠠᠷᠢᠯᠴᠠᠬᠤ ᠬᠤᠷᠠᠯ ᠢ ᠡᠷᠬᠢᠯᠡᠪᠠ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠶᠦᠨ ᠭᠤᠸᠠᠩ ᠵᠦᠩ᠂ ᠪᠠᠢ ᠰᠢᠶᠠᠩ ᠴᠢᠶᠦ᠋ᠨ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠡ᠃

    ᠴᠧᠨ ᠪᠤᠤ ᠱᠧᠩ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭ᠍ᠵᠢᠯᠳᠡ ᠶᠢ ᠲᠦᠢᠯ ᠢᠶᠠᠷ ᠬᠠᠯᠠᠮᠵᠢᠯᠠᠵᠤ᠂ ᠬᠦᠬᠡᠬᠤᠳᠠ ᠶᠢᠨ ᠮᠤᠩᠭ᠋ᠤᠯ ᠬᠡᠦᠬᠡᠳ ᠤᠨ ᠴᠡᠴᠡᠷᠯᠢᠭ᠂ ᠦᠨᠳᠦᠰᠦᠳᠡᠨ ᠤ ᠲᠤᠷᠰᠢᠯᠳᠠ ᠶᠢᠨ ᠰᠤᠷᠭᠠᠭᠤᠯᠢ᠂ ᠮᠤᠩᠭ᠋ᠤᠯ ᠰᠤᠷᠭᠠᠭᠤᠯᠢ ᠪᠠᠷ ᠬᠦᠷᠴᠤ᠂ ᠦᠨᠳᠦᠰᠦᠳᠡᠨ ᠤ ᠤᠨᠴᠠᠯᠢᠬᠳᠦ ᠲᠤᠷ᠎ᠠ ᠰᠤᠨᠢᠷᠬᠠᠯ ᠤᠨ ᠲᠤᠭᠤᠢᠢᠯᠠᠩ ᠤᠨ ᠠᠵᠢᠯᠯᠠᠭ᠎ᠠ᠂ ᠦᠨᠳᠦᠰᠦᠳᠡᠨ ᠤ ᠰᠤᠶᠤᠯ ᠤᠨ ᠦᠵᠡᠭᠦᠯᠦᠯᠭᠡ ᠵᠢᠴᠢ ᠮᠠᠨ ᠤ ᠤᠷᠤᠨ ᠳᠤ ᠰᠤᠷᠤᠯᠴᠠᠵᠤ ᠪᠠᠶᠢᠭ᠎ᠠ ᠭᠠᠳᠠᠭᠠᠳᠦ ᠶᠢᠨ ᠰᠤᠷᠤᠬᠴᠢᠳ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠪᠠᠶᠢᠳᠠᠯ ᠢ ᠲᠤᠭᠤᠷᠢᠨ ᠦᠵᠡᠵᠤ᠂ ᠰᠤᠷᠭᠠᠭᠤᠯᠢ ᠶᠢᠨ ᠰᠤᠶᠤᠯ ᠤᠨ ᠪᠠᠶᠢᠭᠤᠯᠤᠯᠳᠠ᠂ ᠦᠨᠳᠦᠰᠦᠳᠡᠨ ᠤ ᠪᠦᠯᠬᠦᠮᠳᠡᠯ ᠤᠨ ᠰᠤᠷᠭᠠᠨ ᠬᠦᠮᠦᠵᠢᠯ᠂ ᠦᠨᠳᠦᠰᠦᠳᠡᠨ ᠤ ᠰᠢᠯᠢᠳᠡᠭ ᠤᠯᠠᠮᠵᠢᠯᠠᠯᠳᠦ ᠰᠤᠶᠤᠯ ᠢ ᠤᠯᠠᠮᠵᠢᠯᠠᠨ ᠵᠠᠯᠭᠠᠮᠵᠢᠯᠠᠬᠤ ᠬᠦᠮᠦᠵᠢᠯ᠂ ᠰᠤᠷᠭᠠᠨ ᠬᠦᠮᠦᠵᠢᠯ ᠤᠨ ᠭᠠᠳᠠᠭᠠᠳᠤ ᠯᠤᠭ᠎ᠠ ᠶᠢᠨ ᠰᠤᠯᠢᠯᠴᠠᠭ᠎ᠠ ᠵᠡᠷᠭᠡ ᠪᠠᠶᠢᠳᠠᠯ ᠢ ᠤᠢᠢᠯᠠᠭᠠᠪᠠ᠃ ᠬᠦᠬᠡᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ᠂ ᠰᠢᠨ᠎ᠠ ᠬᠤᠳᠠ ᠲᠤᠭᠤᠷᠢᠭ ᠤᠨ ᠱᠠᠨ ᠱᠦᠢ ᠪᠠᠭ᠎ᠠ ᠰᠤᠷᠭᠠᠭᠤᠯᠢ ᠳᠤ ᠴᠧᠨ ᠪᠤᠤ ᠱᠧᠩ ᠰᠤᠷᠤᠬᠴᠢᠳ ᠲᠠᠢ ᠬᠤᠷᠰᠢᠯᠴᠠᠨ ᠰᠠᠨᠠᠯ ᠢᠶᠠᠨ ᠰᠣᠯᠢᠯᠴᠠᠵᠣ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠶᠡᠷᠦᠩᠬᠡᠶᠢᠯᠡᠭᠰᠡᠨ ᠬᠡᠪ ᠪᠤᠯᠪᠠᠰᠤᠷᠠᠯ ᠤᠨ ᠬᠦᠮᠦᠵᠢᠯ ᠤᠨ ᠪᠠᠶᠢᠳᠠᠯ ᠢ ᠤᠢᠢᠯᠠᠭᠠᠵᠠᠢ᠃ ᠴᠧᠨ ᠪᠤᠤ ᠱᠧᠩ ᠦᠪᠦᠷ ᠮᠤᠩᠭ᠋ᠤᠯ ᠤᠨ ᠠᠨᠠᠭᠠᠬᠤ ᠣᠬᠠᠭᠠᠨ ᠤ ᠶᠡᠭᠡ ᠰᠤᠷᠭᠠᠭᠤᠯᠢ ᠶᠢᠨ ᠵᠢᠨᠱᠠᠨ ᠳᠠᠬᠢ ᠰᠤᠷᠭᠠᠭᠤᠯᠢ ᠶᠢᠨ ᠲᠤᠭᠤᠷᠢᠭ ᠲᠤ᠂ ᠮᠤᠩᠭ᠋ᠤᠯ ᠡᠮ᠂ ᠮᠤᠩᠭ᠋ᠤᠯ ᠡᠮᠨᠡᠯᠭᠡ ᠵᠡᠷᠭᠡ ᠤᠨᠴᠠᠯᠢᠬᠳᠤ ᠲᠠᠪᠠᠭᠤᠯᠢᠭ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠳᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠪᠠ᠃ ᠬᠦᠬᠡᠬᠤᠳᠠ ᠶᠢᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠳᠤ᠂ ᠲᠡᠷᠡ ᠲᠦᠮᠦᠰᠦ ᠶᠢᠨ ᠢᠳᠡᠭᠡᠨ ᠤ ᠪᠠᠺᠲ᠋ᠧᠷᠢ ᠶᠢᠨ ᠵᠢᠭᠠᠨ ᠰᠤᠷᠭᠠᠯᠳᠠ ᠶᠢᠨ ᠰᠤᠳᠤᠯᠭᠠᠨ ᠵᠢᠴᠢ ᠰᠤᠷᠤᠬᠴᠢᠳ ᠤᠨ ᠪᠤᠳᠠᠳᠤ ᠪᠤᠯᠪᠠᠰᠤᠷᠠᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠡᠢ᠃ ᠬᠦᠬᠡᠬᠤᠳᠠ ᠶᠢᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠪᠠ ᠡᠯ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠪᠤᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠴᠧᠨ ᠪᠤᠤ ᠱᠧᠩ ᠰᠤᠷᠤᠬᠴᠢᠳ ᠤᠨ ᠪᠤᠯᠪᠠᠰᠤᠷᠠᠵᠣ ᠪᠠᠶᠢᠭ᠎ᠠ ᠪᠠᠶᠢᠳᠠᠯ ᠢ ᠬᠢᠨᠠᠮᠠᠭᠠᠢ ᠦᠵᠡᠬᠦ ᠶᠢᠨ ᠬᠠᠮᠳᠣ ᠭᠠᠳᠠᠭᠠᠳᠦ ᠶᠢᠨ ᠬᠦᠯ ᠪᠦᠮᠪᠦᠭᠡ ᠶᠢᠨ ᠰᠣᠷᠭᠠᠭᠴᠢ ᠯᠤᠭ᠎ᠠ ᠲᠤᠳᠤᠨᠤ ᠪᠠᠷ ᠰᠠᠨᠠᠯ ᠢᠶᠠᠨ ᠰᠣᠯᠢᠯᠴᠠᠵᠣ᠂ ᠦᠪᠦᠷ ᠮᠤᠩᠭ᠋ᠤᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠦᠭᠡᠷᠡᠴᠢᠯᠡᠯᠳᠡ ᠬᠦᠭ᠍ᠵᠢᠯᠳᠡ ᠶᠢᠨ ᠪᠠᠶᠢᠳᠠᠯ ᠢ ᠬᠦᠨᠵᠡᠭᠡᠢ ᠤᠢᠢᠯᠠᠭᠠᠵᠠᠢ᠃   

    ᠶᠠᠷᠢᠯᠴᠠᠬᠤ ᠬᠤᠷᠠᠯ ᠲᠡᠭᠡᠷ᠎ᠡ᠂ ᠪᠠᠢ ᠰᠢᠶᠠᠩ ᠴᠢᠶᠦ᠋ᠨ ᠪᠦᠬᠦ ᠤᠷᠤᠨ ᠤ ᠰᠤᠷᠭᠠᠨ ᠬᠦᠮᠦᠵᠢᠯ ᠤᠨ ᠠᠵᠢᠯ ᠤᠨ ᠶᠡᠷᠦᠩᠬᠡᠢ ᠪᠠᠶᠢᠳᠠᠯ ᠢ ᠬᠠᠷᠢᠭᠤ ᠮᠡᠳᠡᠭᠦᠯᠪᠡ᠃ ᠰᠤᠷᠭᠠᠨ ᠬᠦᠮᠦᠵᠢᠯ ᠤᠨ ᠲᠢᠩᠬᠢᠮ᠂ ᠬᠦᠭ᠍ᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠪᠣᠯᠣᠨ ᠨᠡᠶᠢᠭᠡᠮ ᠤᠨ ᠪᠠᠳᠤᠯᠠᠪᠤᠷᠢ ᠶᠢᠨ ᠲᠢᠩᠬᠢᠮ᠂ ᠦᠪᠦᠷ ᠮᠤᠩᠭ᠋ᠤᠯ ᠤᠨ ᠶᠡᠭᠡ ᠰᠤᠷᠭᠠᠭᠤᠯᠢ᠂ ᠬᠦᠬᠡᠬᠤᠳᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ᠂ ᠬᠦᠬᠡᠬᠤᠳᠠ ᠶᠢᠨ ᠮᠤᠩᠭ᠋ᠤᠯ ᠰᠤᠷᠭᠠᠭᠤᠯᠢ ᠶᠢᠨ ᠬᠠᠷᠢᠭᠤᠴᠠᠯᠭᠠᠳᠠᠨ ᠨᠦᠬᠦᠳ ᠶᠠᠷᠢᠯᠴᠠᠬᠤ ᠬᠤᠷᠠᠯ ᠲᠡᠭᠡᠷ᠎ᠡ ᠤᠷᠢᠳ ᠬᠤᠵᠢᠳ ᠦᠭᠡ ᠬᠡᠯᠡᠪᠡ᠃ ᠤᠯᠠᠨ ᠤ ᠬᠡᠯᠡᠭᠦ ᠶᠢ ᠬᠢᠨᠠᠮᠠᠭᠠᠢ ᠰᠤᠨᠤᠰᠤᠬᠰᠠᠨ ᠤ ᠲᠠᠷᠠᠭ᠎ᠠ᠂ ᠴᠧᠨ ᠪᠤᠤ ᠱᠧᠩ ᠵᠢᠭᠠᠵᠤ ᠭᠠᠷᠭᠠᠬᠰᠠᠨ ᠨᠢ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠤᠷᠭᠠᠨ ᠬᠦᠮᠦᠵᠢᠯ ᠤᠨ ᠠᠵᠢᠯ ᠢ ᠢᠮᠠᠬᠳᠠ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠰᠤᠷᠭᠠᠨ ᠬᠦᠮᠦᠵᠢᠯ ᠢ ᠣᠷᠢᠳᠠᠪᠠᠷ ᠬᠦᠭ᠍ᠵᠢᠭᠦᠯᠭᠦ ᠶᠢ ᠪᠠᠷᠢᠮᠳᠠᠯᠠᠨ᠂ ᠪᠦᠬᠦ ᠤᠷᠤᠨ ᠤ ᠰᠤᠷᠭᠠᠨ ᠬᠦᠮᠦᠵᠢᠯ ᠤᠨ ᠦᠢᠯᠡᠰ ᠤᠨ ᠲᠡᠤᠭᠡᠳᠦ ᠴᠢᠨᠠᠷᠳᠠᠢ ᠠᠮᠵᠢᠯᠳᠠ ᠪᠦᠳᠦᠮᠵᠢ ᠤᠯᠬᠤ ᠶᠢ ᠠᠬᠢᠭᠤᠯᠪᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠪᠠ ᠡᠩ ᠤᠨ ᠦᠨᠳᠦᠷ ᠲᠤᠮᠳᠠᠳᠤ ᠶᠢᠨ ᠰᠤᠷᠭᠠᠨ ᠬᠦᠮᠦᠵᠢᠯ ᠢ ᠲᠦᠭᠡᠮᠡᠯᠵᠢᠭᠦᠯᠦᠭᠰᠡᠨ ᠬᠡᠮᠵᠢᠶ᠎ᠠ ᠶᠡᠭᠡ ᠬᠡᠪᠴᠢᠶ᠎ᠡ ᠪᠠᠷ ᠲᠡᠭᠡᠭ᠍ᠰᠢᠯᠡᠵᠤ᠂ ᠰᠣᠷᠭᠠᠭᠤᠯᠢ ᠳᠤ ᠣᠷᠣᠭᠰᠠᠨ ᠨᠤᠷᠮ᠎ᠠ ᠨᠢ ᠪᠦᠬᠦ ᠤᠯᠤᠰ ᠤᠨ ᠡᠮᠦᠨ᠎ᠠ ᠡᠩᠨᠡᠭᠡ ᠳᠤ ᠣᠷᠣᠵᠣ ᠪᠣᠢᠤᠳᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠪᠠᠶᠢᠭᠤᠯᠤᠯᠳᠠ ᠶᠢᠨ ᠠᠩᠬ᠎ᠠ ᠠᠯᠬᠤᠮ ᠤᠨ ᠦᠷ᠎ᠡ ᠪᠦᠳᠦᠮᠵᠢ ᠶᠢ ᠣᠯᠪᠠ  ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠪᠴᠢᠶᠡᠵᠢᠭᠰᠡᠨ ᠬᠦᠭ᠍ᠵᠢᠯᠳᠡ ᠬᠢᠭᠡᠳ ᠲᠤᠳᠤᠭᠠᠳᠤ ᠠᠭᠤᠯᠬᠤᠨ ᠤ ᠪᠠᠶᠢᠭᠤᠯᠤᠯᠳᠠ ᠶᠢᠨ ᠲᠦᠪᠰᠢᠨ ᠢᠵᠢᠯ ᠠᠯᠬᠤᠮ ᠢᠶᠠᠷ ᠲᠡᠭᠡᠭ᠍ᠰᠢᠯᠡᠪᠡᠦᠨᠳᠦᠰᠦᠳᠡᠨ ᠤ ᠰᠤᠷᠭᠠᠨ ᠬᠦᠮᠦᠵᠢᠯ ᠦᠪᠡᠷ ᠤᠨ ᠢᠶᠠᠨ ᠵᠠᠮ ᠢᠶᠠᠷ ᠵᠠᠮᠨᠠᠵᠣ᠂ᠦᠪᠡᠷ ᠤᠨ ᠲᠦᠷᠦᠯ ᠲᠡᠮᠳᠡᠭ ᠢᠶᠠᠨ ᠡᠭᠦᠳᠴᠤ᠂ ᠡᠯᠪᠡᠭ᠌ ᠪᠠᠶᠠᠯᠢᠭ ᠲᠤᠷᠰᠢᠯᠭ᠎ᠠ ᠬᠤᠷᠠᠮᠳᠤᠭᠤᠯᠪᠠ᠂ ᠤᠨᠴᠠᠭᠠᠢᠢᠯᠠᠨ《ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮᠢ᠋ ᠨᠡᠶᠢᠳᠡᠯᠡᠭᠰᠡᠨ ᠨᠢ᠂ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠤᠨ ᠬᠠᠤᠯᠢ ᠪᠠᠷ ᠰᠤᠷᠭᠠᠨ ᠬᠦᠮᠦᠵᠢᠯ ᠢ ᠵᠠᠰᠠᠬᠤ ᠴᠢᠳᠠᠪᠤᠷᠢ ᠴᠢᠨᠠᠬᠰᠢᠳᠠ ᠲᠡᠭᠡᠭ᠍ᠰᠢᠯᠡᠭᠰᠡᠨ ᠢ ᠬᠠᠷᠠᠭᠤᠯᠵᠦ ᠪᠠᠶᠢᠨ᠎ᠠ᠃ ᠡᠨᠡ ᠵᠢᠯ ᠪᠤᠯ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ  70 ᠵᠢᠯ ᠤᠨ ᠤᠢ ᠪᠤᠯᠤᠨ᠎ᠠ᠂ ᠰᠤᠷᠭᠠᠨ ᠬᠦᠮᠦᠵᠢᠯ ᠤᠨ ᠶᠠᠮᠤᠨ ᠰᠠᠭᠤᠷᠢ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠵᠢᠴᠢ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠲᠠᠪᠠᠭᠤᠯᠢᠭ ᠤᠨᠴᠠᠯᠢᠬᠳᠦ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠳᠠ ᠶᠢᠨ ᠲᠠᠯ᠎ᠠ ᠪᠠᠷ ᠦᠪᠦᠷ ᠮᠤᠩᠭ᠋ᠤᠯ ᠳᠤ ᠲᠡᠮᠵᠢᠯᠭᠡ ᠦᠵᠡᠭᠦᠯᠦᠨ᠎ᠠ ᠬᠡᠵᠡᠢ᠃     

    ᠴᠧᠨ ᠪᠤᠤ ᠱᠧᠩ ᠵᠢᠭᠠᠵᠤ ᠭᠠᠷᠭᠠᠬᠰᠠᠨ ᠨᠢ᠂ ᠤᠢᠢᠷ᠎ᠠ ᠶᠢᠨ ᠵᠢᠯ ᠳᠤ᠂ ᠦᠪᠦᠷ ᠮᠤᠩᠭ᠋ᠤᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠦᠳᠡᠯᠭᠡᠭᠡᠨ ᠦᠷᠨᠢᠩᠭᠦᠢ ᠬᠦᠭ᠍ᠵᠢᠵᠤ᠂ ᠲᠠᠯᠠᠪᠠᠢ ᠳᠠᠯᠠᠪᠣᠷ ᠤᠨ ᠪᠦᠳᠦᠭᠡᠨ ᠪᠠᠶᠢᠭᠤᠯᠤᠯᠳᠠ ᠪᠠ ᠰᠣᠷᠭᠠᠭᠴᠢ ᠶᠢᠨ ᠪᠤᠯᠪᠠᠰᠤᠷᠠᠯ ᠵᠡᠷᠭᠡ ᠲᠠᠯ᠎ᠠ ᠪᠠᠷ ᠢᠯᠠᠳᠳᠡ ᠦᠷ᠎ᠡ ᠪᠦᠳᠦᠮᠵᠢ ᠤᠯᠪᠠ ᠬᠡᠵᠡᠢ᠃ ᠲᠡᠷᠡ ᠴᠢᠬᠤᠯᠠᠴᠢᠯᠠᠬᠰᠠᠨ ᠨᠢ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠰᠤᠷᠤᠬᠴᠢᠳ ᠤᠨ ᠶᠣᠰᠣ ᠮᠤᠷᠠᠯ ᠣᠶᠣᠨ ᠣᠬᠠᠭᠠᠨ ᠪᠡᠶ᠎ᠡ ᠮᠠᠬᠠᠪᠣᠳ ᠣᠷᠠᠨ ᠵᠢᠷᠤᠭ ᠬᠦᠳᠡᠯᠮᠤᠷᠢ ᠵᠡᠷᠭᠡ ᠪᠦᠬᠦ ᠲᠠᠯ᠎ᠠ ᠶᠢᠨ ᠬᠦᠭ᠍ᠵᠢᠯᠳᠡ ᠶᠢᠨ ᠬᠡᠷᠡᠭᠴᠡᠭᠡ ᠳᠤ ᠦᠢᠯᠡᠴᠢᠯᠡᠬᠦ ᠬᠡᠷᠡᠭᠳᠡᠢ᠂ ᠦᠪᠦᠷ ᠮᠤᠩᠭ᠋ᠤᠯ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠢᠳᠠᠪᠤᠷᠢᠳᠠᠨ ᠬᠦᠮᠦᠵᠢᠭᠦᠯᠬᠦ ᠲᠤᠬᠳᠠᠴᠠ ᠪᠠᠨ ᠴᠢᠨᠠᠬᠰᠢᠳᠠ ᠪᠦᠷᠢᠨᠰᠢᠭᠦᠯᠦᠨ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠡᠷᠡᠭᠦᠯ ᠢᠶᠠᠷ ᠬᠦᠭ᠍ᠵᠢᠬᠦ ᠶᠢ ᠶᠢ ᠠᠬᠢᠭᠤᠯᠬᠤ ᠶᠢ ᠬᠦᠰᠡᠵᠤ ᠪᠠᠶᠢᠨ᠎ᠠ ᠬᠡᠵᠡᠢ᠃   

    ᠪᠦ᠋ ᠰᠢᠶᠤᠤ ᠯᠢᠨ ᠶᠠᠷᠢᠯᠴᠠᠬᠤ ᠬᠤᠷᠠᠯ ᠢ ᠡᠷᠬᠢᠯᠡᠭᠦ ᠳᠡᠭᠡᠨ ᠬᠡᠯᠡᠭᠰᠡᠨ ᠨᠢ᠂ ᠤᠯᠤᠰ ᠠᠴᠠ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠦᠢᠯᠡᠰ ᠤᠨ ᠬᠦᠭ᠍ᠵᠢᠯᠳᠡ ᠶᠢ ᠢᠮᠠᠬᠳᠠ ᠬᠠᠯᠠᠮᠵᠢᠯᠠᠨ ᠬᠦᠨᠳᠦᠳᠭᠡᠭ᠍ᠰᠡᠭᠡᠷ ᠢᠷᠡᠪᠡ᠃ ᠡᠨᠡ ᠵᠢᠯ ᠪᠤᠯ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠤᠯᠤᠨ᠎ᠠ᠂ 70 ᠵᠢᠯ ᠤᠨ ᠲᠤᠷᠰᠢᠬᠢ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠦᠢᠯᠡᠰ ᠤᠨ ᠬᠦᠭ᠍ᠵᠢᠯᠳᠡ ᠶᠢᠨ ᠶᠠᠪᠤᠴᠠ ᠪᠤᠯᠤᠨ ᠤᠯᠤᠬᠰᠠᠨ ᠯᠤᠳᠤ ᠶᠡᠭᠡ ᠠᠮᠵᠢᠯᠳᠠ ᠨᠢ᠂ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠣᠯ ᠤᠨ ᠯᠤᠳᠤ ᠶᠡᠭᠡ ᠲᠠᠪᠠᠭᠤᠯᠢᠭ ᠢ ᠬᠦᠢᠴᠡᠳ ᠬᠠᠷᠠᠭᠤᠯᠵᠤ᠂ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠦᠪᠦᠷ ᠮᠤᠩᠭ᠋ᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠠᠬᠢ ᠲᠤᠳᠤᠨᠤ ᠬᠠᠯᠠᠮᠵᠢᠯᠠᠯ ᠢ ᠬᠦᠢᠴᠡᠳ ᠢᠯᠡᠷᠡᠭᠦᠯᠵᠦ ᠪᠠᠶᠢᠨ᠎ᠠ᠃ ᠦᠪᠦᠷ ᠮᠤᠩᠭ᠋ᠤᠯ ᠨᠠᠮ ᠤᠨ ᠲᠦᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠦᠨ᠂ᠠᠷᠠᠳ ᠲᠦᠮᠡᠨ ᠳᠤ ᠳᠠᠭᠠᠰᠢᠶᠠᠭᠳᠠᠭᠰᠠᠨ ᠰᠤᠷᠭᠠᠨ ᠬᠦᠮᠦᠵᠢᠯ ᠢ ᠬᠦᠭ᠍ᠵᠢᠭᠦᠯᠭᠦ》《ᠰᠤᠷᠭᠠᠨ ᠬᠦᠮᠦᠵᠢᠯ ᠤᠨ ᠤᠳᠤᠬᠢᠴᠢᠯᠡᠯᠳᠡ ᠪᠠᠷ ᠤᠯᠤᠰ ᠤᠨ ᠤᠳᠤᠬᠢᠴᠢᠯᠡᠯᠳᠡ ᠶᠢ ᠲᠤᠯᠭᠠᠭᠤᠷᠢᠯᠠᠬᠤᠦᠨᠳᠦᠷᠴᠡ ᠠᠴᠠ᠂ ᠦᠪᠦᠷᠮᠤᠩᠭ᠋ᠤᠯ ᠤᠨ ᠰᠤᠷᠭᠠᠨ ᠬᠦᠮᠦᠵᠢᠯ ᠤᠨ ᠦᠢᠯᠡᠰ ᠢ ᠰᠢᠨ᠎ᠠ ᠲᠦᠪᠰᠢᠨ ᠳᠤ ᠬᠦᠷᠳᠡᠯ᠎ᠡ ᠳᠡᠭᠡᠭ᠍ᠰᠢᠯᠡᠭᠦᠯᠬᠦ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠤᠨ ᠶᠠᠮᠤᠨ ᠦᠷᠭᠦᠯᠵᠢᠯᠡᠨ ᠲᠡᠮᠵᠢᠯᠭᠡ ᠪᠠ ᠵᠢᠯᠤᠭᠤᠳᠤᠯᠭ᠎ᠠ ᠦᠵᠡᠭᠦᠯᠵᠤ᠂ ᠦᠪᠦᠷ ᠮᠤᠩᠭ᠋ᠤᠯ ᠤᠨ ᠠᠵᠢᠯ ᠢᠶᠠᠨ ᠴᠢᠨᠠᠬᠰᠢᠳᠠ ᠴᠢᠩᠭ᠋ᠠᠳᠬᠠᠨ ᠰᠠᠶᠢᠵᠢᠷᠠᠭᠤᠯᠬᠤ ᠳᠤ ᠬᠠᠪᠰᠤᠷᠬᠤ ᠶᠢ ᠬᠦᠰᠡᠵᠤ ᠪᠠᠶᠢᠨ᠎ᠠ ᠬᠡᠵᠡᠢ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120702929