蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠸᠩ᠄ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠪᠡᠯᠡᠳᠭᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ ᠠᠶᠤᠯᠭᠦᠢ ᠦᠢᠯᠡᠳᠪᠦᠷᠢᠯᠡᠯ ᠤᠨ ᠠᠵᠢᠯ ᠢ ᠡᠷᠡᠰ ᠬᠦᠴᠦᠲᠠᠢ ᠪᠠᠢᠢᠩᠭ᠋ᠤ ᠤᠷᠲᠤ ᠬᠤᠭᠤᠴᠠᠭ᠎ᠠ ᠦᠷ᠎ᠡ ᠪᠦᠲᠦᠮᠵᠢᠲᠠᠢ ᠪᠠᠷ ᠠᠳᠬᠤᠬᠤ ᠬᠡᠷᠡᠭᠲᠠᠢ

2017-03-29 16:52

    3 ᠰᠠᠷ᠎ᠠ ᠶᠢᠨ 28 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠶᠢᠨ ᠪᠡᠯᠡᠳᠭᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠣ᠂ ᠪᠦᠬᠦ ᠤᠷᠤᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃

    ᠬᠤᠷᠠᠯ ᠠᠴᠠ ᠵᠢᠭᠠᠵᠤ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠪᠤᠯ ᠦᠪᠦᠷ ᠮᠤᠩᠭᠤᠯ ᠤᠨ ᠲᠤᠮᠤ ᠶᠠᠪᠤᠳᠠᠯ ᠪᠣᠯᠬᠤ ᠪᠠᠷ ᠪᠠᠷᠠᠬᠤ ᠦᠭᠡᠢ᠂ ᠮᠦᠨᠴᠤ ᠨᠠᠮ ᠪᠤᠯᠤᠨ ᠤᠯᠤᠰ ᠤᠨ ᠲᠤᠮᠤ ᠶᠠᠪᠤᠳᠠᠯ ᠪᠤᠯᠤᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠲᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ ᠪᠠ ᠲᠡᠤᠭᠡᠨ ᠡᠭᠦᠷᠭᠡᠳᠦ ᠰᠡᠳᠬᠢᠯᠭᠡ ᠪᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠠᠭ ᠮᠦᠴᠡ ᠲᠠᠢ ᠤᠷᠤᠯᠳᠤᠨ ᠱᠠᠯᠠᠪᠳᠠᠨ ᠠᠵᠢᠯᠯᠠᠵᠣ᠂ ᠡᠯ᠎ᠠ ᠵᠦᠢᠯ ᠤᠨ ᠪᠡᠯᠡᠳᠬᠡᠯ ᠠᠵᠢᠯ ᠤᠨ ᠡᠭᠦᠷᠭᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠤᠯᠤᠰ ᠲᠦᠷᠦ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠭᠦᠯᠦᠨ᠂ ᠤᠯᠤᠰ ᠲᠦᠷᠦ ᠶᠢ ᠡᠷᠬᠢᠮᠯᠡᠭᠦ ᠱᠠᠭᠠᠷᠳᠠᠯᠭ᠎ᠠ ᠶᠢ ᠪᠡᠯᠭᠡᠯᠡᠭᠦ ᠠᠵᠢᠯᠯᠠᠭ᠎ᠠ ᠶᠢᠨ ᠪᠦᠬᠦ ᠶᠠᠪᠤᠴᠠ ᠪᠤᠯᠤᠨ ᠡᠯ᠎ᠠ ᠲᠠᠯ᠎ᠠ ᠳᠤ ᠲᠤᠤᠱᠯᠠᠭᠤᠯᠵᠤ᠂ ᠪᠡᠯᠡᠳᠭᠡᠯ ᠠᠵᠢᠯ ᠪᠠ ᠪᠡᠯᠭᠡᠯᠡᠭᠦ ᠠᠵᠢᠯᠯᠠᠭ᠎ᠠ ᠪᠠᠷ ᠲᠠᠮᠵᠢᠭᠤᠯᠤᠨ ᠨᠠᠮ ᠤᠨ ᠲᠦᠪ ᠬᠤᠷᠢᠶ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠲᠤᠳᠤᠨᠤ ᠬᠠᠯᠠᠮᠵᠢᠯᠠᠯ ᠢ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠮᠡᠳᠡᠷᠡᠭᠦᠯᠵᠤ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠣ ᠪᠠᠶᠢᠭᠠᠳ 《ᠲᠦᠷᠪᠡᠨ ᠤᠬᠠᠮᠰᠠᠷ》 ᠢ᠋ ᠪᠠᠳᠤ ᠪᠠᠬᠢ ᠪᠤᠢ ᠪᠤᠯᠭᠠᠨ᠂ 《ᠲᠦᠷᠪᠡᠨ ᠢᠳᠡᠭᠡᠯ》 ᠢ᠋ ᠲᠠᠰᠤᠷᠠᠯᠳᠠ ᠦᠭᠡᠢ ᠴᠢᠩᠭ᠋ᠠᠳᠬᠠᠵᠤ᠂ ᠨᠡᠩ ᠡᠷᠡᠰ ᠪᠠᠳᠤ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠬᠠᠮᠠᠭᠠᠯᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠵᠤ᠂ ᠨᠡᠩ ᠡᠷᠡᠰ ᠪᠠᠳᠤ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ ᠬᠠᠨᠴᠤᠢ ᠰᠢᠮᠡᠯᠡᠨ ᠴᠢᠷᠮᠠᠶᠢᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠨᠡᠶᠢᠳᠡᠪᠦᠷᠢᠵᠢᠭᠤᠯᠤᠯᠳᠠ ᠶᠢ ᠠᠳᠬᠤᠵᠣ᠂ ᠠᠵᠤ ᠠᠬᠤᠢ ᠨᠡᠶᠢᠭᠡᠮ ᠤᠨ ᠬᠦᠭᠵᠢᠯᠳᠡ ᠪᠠ ᠨᠠᠮ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠳᠤ ᠪᠡᠯᠡᠭ ᠪᠠᠷᠢᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭ᠋ᠠᠳᠬᠠᠵᠤ᠂ ᠪᠡᠯᠡᠳᠭᠡᠯ ᠠᠵᠢᠯ ᠪᠠ ᠪᠡᠯᠭᠡᠯᠡᠭᠦ ᠠᠵᠢᠯᠯᠠᠭ᠎ᠠ ᠶᠢᠨ ᠡᠮᠬᠢ ᠵᠢᠷᠤᠮ ᠲᠠᠢ ᠦᠷ᠎ᠡ ᠪᠦᠳᠦᠮᠵᠢᠳᠡᠢ ᠶᠠᠪᠤᠬᠳᠠᠬᠤ ᠶᠢ ᠠᠬᠢᠭᠤᠯᠵᠤ᠂ ᠨᠠᠮ ᠤᠨ ᠲᠦᠪ ᠬᠤᠷᠢᠶ᠎ᠠ ᠪᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠬᠠᠨᠤᠮᠵᠢᠳᠡᠢ ᠬᠠᠷᠢᠭᠤᠯᠳᠠ ᠲᠤᠰᠢᠶᠠᠬᠤ ᠬᠡᠷᠡᠭᠳᠡᠢ ᠬᠡᠪᠡ᠃

    ᠬᠤᠷᠠᠯ ᠠᠴᠠ ᠵᠢᠭᠠᠵᠤ ᠭᠠᠷᠭᠠᠬᠰᠠᠨ ᠨᠢ᠂ ᠪᠦᠬᠦ ᠤᠷᠤᠨ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠦᠷᠨᠢᠭᠦᠯᠦᠭᠰᠡᠨ ᠠᠴᠠ ᠨᠠᠰᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠬᠤ ᠶᠢ ᠬᠦᠴᠦᠳᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠶᠢ ᠪᠦᠳᠦᠮᠵᠢᠳᠡᠢ ᠠᠬᠢᠭᠤᠯᠵᠤ᠂ ᠡᠯ᠎ᠠ ᠵᠦᠢᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠡᠭᠦᠰᠦᠭᠰᠡᠨ ᠲᠤᠭ᠎ᠠ ᠪᠠ ᠠᠳᠡᠭᠰᠡᠨ ᠬᠦᠮᠦᠨ ᠤ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠨ ᠶᠡᠭᠡ ᠬᠡᠮᠵᠢᠶ᠎ᠠ ᠪᠠᠷ ᠪᠠᠭᠤᠷᠠᠪᠠ᠃ ᠬᠡᠪᠡᠴᠦ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠮᠦᠨᠭᠦ ᠬᠦᠨᠳᠦ ᠨᠣᠴᠢᠳᠠᠢ ᠲᠦᠪᠡᠭ᠌ ᠪᠤᠳᠤᠯᠢᠶᠠᠨᠳᠠᠢ ᠪᠠᠶᠢᠭᠰᠠᠭᠠᠷ᠃ ᠪᠤᠭᠤᠳᠤ ᠬᠤᠳᠠ ᠶᠢᠨ ᠲᠦᠮᠡᠳ ᠪᠠᠷᠠᠭᠤᠨ ᠬᠤᠰᠢᠭᠤᠨ ᠤ 《3.25》 ᠤ᠋ ᠰᠠᠭᠤᠭᠠᠯᠢ ᠠᠷᠠᠳ ᠤᠨ ᠠᠰᠠᠷ ᠤᠨ ᠲᠡᠯᠪᠡᠷᠡᠯᠳᠡ ᠶᠢᠨ ᠠᠳᠡᠯ ᠮᠠᠨ ᠳᠤ ᠰᠡᠷᠡᠮᠵᠢ ᠶᠢᠨ ᠬᠤᠩᠬᠤ ᠶᠢ ᠲᠠᠬᠢᠨᠳᠠ ᠴᠣᠬᠢᠨ ᠦᠭᠴᠠᠢ᠃ ᠠᠶᠤᠯᠭᠦᠢ ᠦᠢᠯᠡᠳᠪᠦᠷᠢᠯᠡᠯ ᠡᠭᠦᠷᠢᠳᠡ ᠵᠠᠮ ᠳᠠᠭᠠᠨ ᠪᠠᠶᠢᠵᠤ᠂ ᠦᠴᠦᠭᠡᠨ ᠴᠤ ᠬᠦᠩᠭᠡᠨ ᠬᠠᠭᠤᠳᠠᠮ ᠬᠠᠨᠳᠤᠵᠤ ᠪᠤᠯᠬᠤ ᠦᠭᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠡᠷᠬᠡᠪᠰᠢ ᠬᠠᠮᠤᠭ ᠤᠨ ᠡᠷᠡᠰ ᠤᠪᠤᠷ᠂ ᠬᠠᠮᠤᠭ ᠤᠨ ᠬᠦᠴᠦᠨ ᠪᠦᠬᠦᠢ ᠠᠷᠭ᠎ᠠ ᠬᠡᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠪᠠᠢᠢᠩᠭ᠋ᠤᠵᠢᠬᠤ ᠶᠢ ᠶᠡᠭᠡ ᠬᠦᠴᠦᠨ ᠢᠶᠠᠷ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠷᠤᠬᠤ ᠶᠢ ᠵᠦᠪᠰᠢᠶᠡᠷᠡᠭᠦ ᠪᠤᠭᠤᠮᠳᠠ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠡᠵᠡᠮᠳᠡᠭᠦ ᠪᠤᠭᠤᠮᠳᠠ᠂ ᠦᠨᠳᠦᠰᠦᠨ ᠱᠠᠳᠤᠨ ᠤ ᠰᠠᠭᠤᠷᠢ ᠶᠢ ᠴᠢᠩᠭ᠋ᠠᠳᠬᠠᠬᠤ ᠪᠤᠭᠤᠮᠳᠠ ᠶᠢ ᠴᠢᠩᠭ᠋᠎ᠠ ᠰᠠᠬᠢᠵᠤ᠂ ᠠᠮᠣᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠦ ᠴᠢᠳᠠᠪᠤᠷᠢ ᠪᠠᠨ ᠪᠦᠬᠦ ᠲᠠᠯ᠎ᠡ ᠪᠠᠷ ᠲᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠦᠳᠭᠡᠨ ᠵᠣᠵᠠᠭᠠᠨ ᠠᠭᠤᠷ ᠠᠮᠢᠰᠬᠤᠯ ᠢ ᠢᠳᠡᠪᠬᠢᠳᠡᠢ ᠪᠤᠢ ᠪᠤᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠡᠶᠢᠳᠡᠪᠦᠷᠢᠵᠢᠭᠤᠯᠦᠨ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠪᠠ ᠠᠵᠤ ᠠᠬᠤᠢ ᠨᠡᠶᠢᠭᠡᠮ ᠤᠨ ᠬᠦᠭ᠍ᠵᠢᠯᠳᠡ ᠳᠤ ᠠᠮᠤᠷ ᠲᠦᠪᠰᠢᠨ ᠲᠤᠬᠳᠠᠭᠤᠨ ᠤᠷᠴᠢᠨ ᠲᠤᠭᠤᠷᠢᠨ ᠢ ᠪᠤᠢ ᠪᠤᠯᠭᠠᠨ ᠦᠭ᠍ᠬᠦ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠬᠠᠮᠤᠭ ᠤᠨ ᠶᠡᠭᠡ ᠬᠡᠮ ᠰᠤᠭᠤᠭ ᠪᠤᠯ ᠰᠤᠷᠳᠠᠯ ᠲᠦᠪ ᠪᠤᠰᠤ᠂ ᠠᠵᠢᠯ ᠨᠠᠷᠢᠯᠢᠭ ᠪᠤᠰᠤ᠂ ᠱᠠᠭᠠᠷᠳᠠᠯᠭ᠎ᠠ ᠴᠢᠩᠭ᠋᠎ᠠ ᠪᠤᠰᠤ ᠪᠠᠶᠢᠬᠤ ᠶᠠᠪᠣᠳᠠᠯ ᠪᠤᠯᠤᠨ᠎ᠠ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠢᠨᠠᠨ ᠬᠠᠮᠢᠶᠠᠷᠬᠤ ᠰᠠᠯᠠᠭ᠎ᠠ ᠮᠦᠴᠢᠷ ᠬᠦᠷᠳᠡᠯ᠎ᠠ ᠲᠠᠬᠢᠨ ᠡᠯ᠎ᠠ ᠠᠵᠢᠯ ᠲᠦᠷᠦᠯ ᠬᠦᠷᠳᠡᠯ᠎ᠠ᠂ ᠤᠳᠤᠷᠢᠳᠬᠤ ᠺᠠᠳ᠋ᠷᠴᠤᠳ ᠠᠴᠠ ᠬᠢᠨᠠᠨ ᠬᠠᠮᠢᠶᠠᠷᠤᠬᠴᠢᠳ ᠬᠦᠷᠳᠡᠯ᠎ᠠ ᠲᠠᠬᠢᠨ ᠠᠵᠢᠯ ᠡᠷᠬᠢᠯᠡᠭᠴᠢᠳ ᠬᠦᠷᠳᠡᠯ᠎ᠠ ᠠᠵᠢᠯ ᠢᠶᠠᠨ ᠪᠤᠳᠠᠳᠠᠢ ᠠᠴᠠ ᠪᠤᠳᠠᠳᠠᠢ᠂ ᠨᠠᠷᠢᠯᠢᠭ ᠠᠴᠠ ᠨᠠᠷᠢᠯᠢᠭ ᠰᠠᠶᠢᠳᠤᠷ ᠬᠢᠵᠤ᠂ ᠠᠵᠢᠯ ᠤᠨ ᠪᠠᠶᠢᠷᠢ ᠨᠢᠭᠡᠪᠦᠷᠢ ᠶᠢᠨ᠂ ᠭᠤᠬᠴᠤᠭ᠎ᠠ ᠨᠢᠭᠡᠪᠦᠷᠢ ᠶᠢᠨ ᠠᠵᠢᠯ ᠢ ᠯᠠᠪᠳᠠᠭᠤᠨ ᠪᠠᠳᠤᠳᠠᠢ ᠪᠣᠯᠭᠠᠵᠣ᠂ ᠴᠢᠩᠭ᠋ᠠᠯᠠᠨ ᠠᠳᠬᠤᠵᠦ ᠠᠮᠤᠷ ᠲᠦᠪᠰᠢᠨ ᠪᠤᠯᠭᠠᠬᠤ ᠬᠡᠷᠡᠭᠳᠡᠢ ᠬᠡᠵᠡᠢ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120718992