蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠢ ᠲᠠᠶᠢᠴᠢᠯᠡᠨ ᠪᠠᠶᠢᠷᠢᠯᠠᠭᠤᠯᠬᠤ ᠶᠡᠭᠡ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠪᠠ

2017-03-30 14:27

    3 ᠰᠠᠷ᠎ᠠ ᠶᠢᠨ 29 ᠤ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠢ ᠲᠠᠶᠢᠴᠢᠯᠡᠨ ᠪᠠᠶᠢᠷᠢᠯᠠᠭᠤᠯᠬᠤ ᠶᠡᠭᠡ ᠬᠤᠷᠠᠯ ᠬᠤᠷᠠᠯᠳᠣᠭᠤᠯᠵᠣ᠂ ᠤᠷᠤᠨ ᠲᠠᠶᠠᠭᠠᠷ ᠢ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠲᠤᠬᠠᠢ ᠴᠢᠬᠤᠯᠠ ᠦᠭᠦᠯᠡᠯᠳᠡ ᠪᠠ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠮᠤᠭ ᠤᠨ ᠡᠷᠡᠰ ᠰᠢᠭᠤᠷᠬᠠᠢ ᠤᠪᠤᠷ᠂ ᠬᠠᠮᠤᠭ ᠤᠨ ᠬᠦᠴᠦᠨ ᠪᠦᠬᠦᠢ ᠠᠷᠭ᠎ᠠ ᠬᠡᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠢ ᠰᠠᠶᠢᠳᠤᠷ ᠠᠳᠬᠤᠵᠤ᠂ ᠤᠷᠤᠨ ᠲᠠᠶᠠᠭᠠᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠠᠬᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠭᠡᠵᠦ ᠳᠠᠶᠢᠴᠢᠯᠠᠪᠠ᠃

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠠᠷᠢᠭᠤᠴᠠᠯᠭᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ᠂ ᠦᠪᠠᠷᠳᠡᠭᠡᠨ ᠵᠠᠰᠬᠠᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠤ᠂ ᠡᠯ᠎ᠠ ᠠᠶᠢᠮᠠᠭ ᠬᠤᠳᠠ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠡᠯ᠎ᠠ ᠠᠶᠢᠮᠠᠭ ᠬᠤᠳᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃

    ᠯᠢ ᠵᠢᠢ ᠾᠧᠩ ᠶᠠᠷᠢᠶᠠᠨ ᠳᠠᠭᠠᠨ᠂ ᠦᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠳᠦ ᠣᠷᠣᠨ ᠤ ᠪᠤᠬᠢᠷᠳᠦᠯ ᠦᠭᠡᠢ ᠡᠷᠳᠡᠨᠢᠳᠦ ᠤᠷᠤᠨ ᠪᠣᠯᠣᠨ᠎ᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠮᠠᠨ ᠤ ᠤᠷᠤᠨ ᠤ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠭᠡᠵᠤ᠂ ᠡᠷᠬᠢᠮ ᠨᠠᠨᠳᠢᠨ ᠬᠦᠰᠡᠯ ᠢᠶᠠᠨ ᠲᠠᠯᠪᠢᠵᠤ᠂ ᠴᠢᠬᠤᠯᠠ ᠶᠡᠭᠡ ᠬᠠᠷᠢᠭᠤᠴᠠᠯᠭ᠎ᠠ ᠡᠭᠦᠷᠭᠡᠯᠡᠭᠦᠯᠪᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠤᠬᠠᠮᠰᠠᠷ ᠠᠴᠠ ᠪᠠᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠶᠢ 《ᠲᠦᠷᠪᠡᠨ ᠤᠬᠠᠮᠰᠠᠷ》 ᠢ ᠪᠤᠢ ᠪᠤᠯᠭᠠᠬᠤ ᠪᠤᠳᠠᠳᠠᠢ ᠢᠯᠡᠷᠡᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠬᠠᠮᠠᠭᠠᠯᠠᠬᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠪᠤᠳᠠᠳᠣ ᠠᠵᠢᠯᠯᠠᠭ᠎ᠠ ᠪᠤᠯᠭᠠᠵᠤ᠂ ᠪᠤᠬᠢᠷᠳᠦᠯ ᠦᠭᠡᠢ ᠬᠦᠭᠵᠢᠯᠳᠡ ᠶᠢᠨ ᠤᠢᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠵᠣ᠂ ᠠᠮᠢ ᠠᠬᠤᠢ ᠶᠢᠨ ᠬᠤᠷᠢᠭ᠎ᠠ ᠱᠤᠭᠤᠮ ᠤᠨ ᠰᠡᠳᠬᠢᠭᠦᠢ ᠪᠠᠨ ᠴᠢᠩᠭᠠᠳᠬᠠᠵᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠡᠷᠡᠰ ᠭᠤᠶᠢᠪᠢᠰᠢ ᠦᠭᠡᠢ᠂ ᠬᠦᠨᠵᠡᠭᠡᠢ ᠰᠢᠰᠲ᠋ᠧᠮ ᠲᠠᠢ᠂ ᠨᠠᠷᠢᠯᠢᠭ ᠤᠨᠤᠪᠴᠢᠳᠠᠢ ᠦᠷ᠎ᠡ ᠪᠦᠳᠦᠮᠵᠢᠳᠡᠢ ᠰᠠᠶᠢᠳᠤᠷ ᠠᠳᠬᠤᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠲᠠᠰᠤᠷᠠᠯᠳᠠ ᠦᠭᠡᠢ ᠪᠠᠶᠢᠭᠤᠯᠤᠨ ᠪᠠᠬᠢᠵᠢᠭᠦᠯᠵᠤ᠂ ᠦᠪᠦᠷ ᠮᠤᠩᠭᠤᠯ ᠤᠨ ᠣᠭᠳᠠᠷᠭᠤᠢ ᠪᠠᠨ ᠨᠡᠩ ᠬᠦᠭᠡ᠂ ᠠᠭᠤᠯᠠ ᠪᠠᠨ ᠨᠡᠩ ᠬᠦᠬᠡᠮᠳᠦᠭ᠂ ᠤᠰᠤ ᠪᠠᠨ ᠨᠡᠩ ᠲᠤᠩᠭᠠᠯᠠᠭ᠂ ᠠᠭᠠᠷ ᠢᠶᠠᠨ ᠨᠡᠩ ᠰᠤᠷᠭᠤᠭ᠂ ᠬᠦᠮᠦᠨ ᠠᠷᠠᠳ ᠢᠶᠠᠨ ᠨᠡᠩ ᠪᠠᠶᠠᠰᠤᠯ ᠲᠠᠢ ᠪᠤᠯᠭᠠᠬᠤ ᠬᠡᠷᠡᠭᠳᠡᠢ ᠬᠡᠵᠡᠢ᠃

    ᠯᠢ ᠵᠢᠢ ᠾᠧᠩ ᠪᠠᠰᠠ᠂ ᠲᠦᠪ ᠤᠨ ᠬᠢᠨᠠᠨ ᠪᠠᠶᠢᠴᠠᠭᠠᠵᠣ ᠵᠦᠪᠰᠢᠶᠡᠷᠡᠭᠰᠡᠨ ᠡᠨᠡ ᠤᠳᠠᠭ᠎ᠠ ᠶᠢᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠦᠰᠦᠯ ᠪᠤᠯ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠦᠪ ᠲᠤ ᠠᠮᠠᠯᠳᠠᠬᠰᠠᠨ ᠪᠠᠳᠤᠯᠠᠭ᠎ᠠ ᠶᠢᠨ ᠪᠢᠴᠢᠭ᠌ ᠪᠤᠯᠬᠤ ᠪᠦᠭᠡᠳ ᠮᠦᠨᠴᠤ ᠤᠷᠤᠨ ᠲᠠᠶᠠᠭᠠᠷ ᠤᠨ ᠦᠨᠳᠦᠰᠦᠳᠡᠨ ᠨᠦᠭᠦᠳ ᠤᠨ ᠢᠷᠬᠡᠳ ᠲᠤ ᠬᠢᠭᠰᠡᠨ ᠲᠦᠪ ᠴᠢᠩᠭ᠎ᠠ ᠠᠮᠠᠯᠠᠯᠳᠠ ᠪᠣᠯᠣᠨ᠎ᠠ᠃ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠭᠦ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠣ᠂ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠬᠢᠨᠠᠮᠠᠭᠠᠢ ᠦᠢᠯᠡᠳᠦᠯᠭᠡᠵᠢᠭᠦᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠣᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠪᠤᠬᠢᠷᠳᠦᠯ ᠦᠭᠡᠢ ᠬᠦᠭᠵᠢᠯᠳᠡ ᠪᠠᠷ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠶᠢ ᠡᠷᠡᠰ ᠭᠤᠶᠢᠪᠢᠰᠢ ᠦᠭᠡᠢ ᠬᠦᠳᠦᠯᠦᠨ ᠲᠠᠭᠠᠭᠤᠯᠵᠤ᠂ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ ᠳᠦᠰᠦᠯ ᠢ ᠴᠦᠬᠦᠷᠡᠯ ᠦᠭᠡᠢ ᠰᠠᠶᠢᠳᠤᠷ ᠬᠡᠷᠡᠭᠵᠢᠭᠦᠯᠵᠤ᠂ ᠠᠮᠢ ᠠᠬᠤᠢ ᠤᠷᠴᠢᠨ ᠲᠤᠭᠤᠷᠢᠨ ᠤ ᠴᠢᠨᠠᠷᠵᠢᠯ ᠢ ᠦᠷᠭᠦᠯᠵᠢᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠮᠤᠭ ᠤᠨ ᠴᠢᠩᠭ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠢ ᠢᠳᠡᠪᠬᠢᠳᠡᠢ ᠰᠦᠪᠡᠭᠴᠢᠯᠡᠨ ᠪᠠᠶᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠠᠬᠢ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠭᠦ ᠴᠢᠩᠭᠠᠳᠬᠠᠨ᠂ ᠡᠨᠡᠬᠦ ᠴᠡᠭᠴᠡᠯᠨᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠪᠣᠭᠤᠮᠳᠠ ᠰᠢᠪᠳᠤᠯᠬᠤ ᠲᠠᠶᠢᠯᠠᠯᠳᠤᠭᠠᠨ᠂ ᠤᠰᠠᠳᠬᠠᠬᠤ ᠲᠠᠶᠢᠯᠠᠯᠳᠤᠭᠠᠨ ᠢ ᠪᠦᠬᠦ ᠲᠠᠯ᠎ᠠ ᠪᠠᠷ᠂ ᠯᠠᠪᠳᠠᠭᠤᠨ ᠪᠠᠳᠤᠳᠠᠢ᠂ ᠴᠢᠩᠭ᠎ᠠ ᠬᠦᠴᠦᠳᠡᠢ ᠰᠠᠶᠢᠳᠤᠷ ᠬᠢᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠠ ᠦᠷ᠎ᠠ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠡᠢ᠃

    ᠪᠦ᠋ ᠰᠢᠶᠤᠤ ᠯᠢᠨ᠂ ᠡᠯ᠎ᠠ ᠱᠠᠳᠤᠨ ᠤ ᠬᠢᠨ 《ᠲᠦᠷᠪᠡᠨ ᠤᠬᠠᠮᠰᠠᠷ》 ᠢ᠋ᠶᠠᠨ ᠦᠨᠡᠨᠭᠦ ᠴᠢᠩᠭᠠᠳᠬᠠᠵᠣ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠤᠯᠭᠠᠵᠣ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠨᠠᠮ ᠤᠨ ᠲᠦᠪ ᠬᠤᠢᠷᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠶᠢ ᠪᠤᠳᠠᠳᠣ ᠠᠵᠢᠯᠯᠠᠭ᠎ᠠ ᠪᠠ ᠴᠡᠭᠴᠡᠯᠡᠨ ᠰᠠᠶᠢᠵᠢᠷᠠᠭᠤᠯᠬᠤ ᠦᠷ᠎ᠡ ᠪᠦᠳᠦᠮᠵᠢ ᠲᠡᠭᠡᠷ᠎ᠡ ᠪᠠᠨ ᠢᠯᠡᠷᠡᠭᠦᠯᠭᠦ ᠬᠡᠷᠡᠭᠳᠡᠢ᠃ ᠶᠡᠷᠦᠩᠬᠡᠢ ᠱᠦᠵᠢ ᠶᠢᠨ ᠴᠢᠬᠤᠯᠠᠴᠢᠯᠠᠬᠰᠠᠨ 《ᠶᠠᠭᠠᠬᠢᠬᠰᠠᠨ ᠴᠤ ᠤᠷᠴᠢᠨ ᠲᠤᠭᠤᠷᠢᠨ ᠢ ᠦᠷᠡᠭᠳᠡᠭᠦᠯᠭᠦ ᠪᠠᠷ ᠦᠷᠳᠡᠭ ᠪᠤᠯᠭᠠᠵᠤ ᠨᠢᠭᠡ ᠴᠠᠭ ᠤᠨ ᠡᠳ᠋ ᠤᠨ ᠵᠠᠰᠠᠭ ᠤᠨ ᠨᠡᠮᠡᠭᠳᠡᠯ ᠢ ᠰᠤᠯᠢᠵᠤ ᠪᠤᠯᠬᠤ ᠦᠭᠡᠢ》 ᠬᠡᠰᠡᠨ ᠵᠢᠭᠠᠪᠣᠷᠢ ᠶᠢ ᠪᠠᠳᠤ ᠴᠡᠭᠡᠵᠢᠯᠡᠵᠤ᠂ ᠪᠤᠬᠢᠷᠳᠦᠯ ᠦᠭᠡᠢ ᠬᠦᠭᠵᠢᠯᠳᠡ ᠶᠢᠨ ᠤᠢᠢᠯᠠᠭᠠᠬᠳᠠᠬᠤᠨ ᠢᠶᠠᠨ ᠴᠢᠩᠭᠠᠳᠬᠠᠨ᠂ ᠮᠠᠨ ᠤ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠶᠢ ᠪᠠᠶᠢᠭᠤᠯᠤᠨ ᠪᠠᠬᠢᠵᠢᠭᠦᠯᠵᠤ᠂ ᠪᠤᠬᠢᠷᠳᠦᠯ ᠦᠭᠡᠢ ᠦᠪᠦᠷ ᠮᠤᠩᠭᠤᠯ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠬᠡᠷᠡᠭᠳᠡᠢ ᠬᠡᠵᠤ ᠱᠠᠭᠠᠷᠳᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120725033