蒙古文网站Logo
ᠰᠢᠨᠬᠤᠸᠠ ᠮᠤᠩᠭ᠋ᠤᠯ ᠨᠧᠲ

ᠵᠠᠮ ᠬᠠᠷᠢᠯᠴᠠᠭ᠎ᠠ ᠳᠡᠭᠡᠭᠡᠪᠦᠷᠢ ᠶᠢᠨ ᠶᠠᠮᠣᠨ ᠤ ᠨᠠᠮ ᠤᠨ ᠣᠳᠣᠷᠢᠳᠬᠤ ᠪᠠᠭ ᠤᠨ ᠱᠦᠵᠢ ᠶᠠᠩ ᠴᠣᠸᠠᠨ ᠲᠠᠩ ᠦᠪᠦᠷ ᠮᠤᠩᠭᠤᠯ ᠳᠤ ᠪᠠᠶᠢᠴᠠᠭᠠᠨ ᠰᠣᠳᠣᠯᠪᠡ

2017-04-01 15:06

    3 ᠰᠠᠷ᠎ᠠ ᠶᠢᠨ 30 ᠤ ᠡᠳᠦᠷ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠶᠠᠮᠣᠨ ᠤ ᠨᠠᠮ ᠤᠨ ᠣᠳᠣᠷᠢᠳᠬᠤ ᠪᠠᠭ ᠤᠨ ᠱᠦᠵᠢ ᠶᠠᠩ ᠴᠣᠸᠠᠨ ᠲᠠᠩ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠤ ᠪᠠᠷ᠎ᠠ ᠪᠣᠯᠣᠯᠭ᠎ᠠ ᠲᠠᠢ ᠪᠠᠷ᠂ ᠦᠪᠦᠷ ᠮᠤᠩᠭᠤᠯ ᠤᠨ ᠴᠢᠬᠤᠯᠠ ᠶᠡᠭᠡ ᠵᠠᠮ ᠬᠠᠷᠢᠯᠴᠠᠭᠠᠨ ᠤ ᠲᠦᠷᠦᠯ ᠵᠦᠢᠯ ᠢ ᠠᠬᠢᠭᠤᠯᠬᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠪᠠᠶᠢᠭᠤᠯᠣᠯᠳᠠ ᠵᠡᠷᠭᠡ ᠠᠵᠢᠯ ᠤᠨ ᠳᠠᠯ᠎ᠠ ᠪᠡᠷ ᠪᠠᠶᠢᠴᠠᠭᠠᠨ ᠰᠣᠳᠣᠯᠵᠡᠢ᠃

    ᠳᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ ᠣᠢᠢᠯᠠᠭᠠᠵᠣ᠂ ᠳᠣᠭᠳᠠᠭᠤᠨ ᠤ ᠳᠣᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠣ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ ᠪᠠᠷ ᠶᠠᠳᠠᠭᠤ ᠶᠢ ᠳᠡᠳᠭᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠡᠷᠴᠢᠮ ᠢᠶᠠᠨ ᠴᠢᠩᠭᠠᠷᠠᠭᠤᠯᠵᠣ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠳᠡᠳ᠋ ᠪᠦᠳᠦᠴᠡ ᠶᠢᠨ ᠳᠣᠣᠷ ᠢ ᠬᠦᠴᠦᠯᠡᠨ ᠲᠡᠭᠦᠯᠳᠡᠷᠵᠢᠭᠦᠯᠵᠦ᠂ ᠶᠠᠮᠣᠨ ᠣᠷᠣᠨ ᠬᠦᠴᠦ ᠬᠠᠮᠳᠣᠷᠠᠨ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠳᠤ ᠡᠷᠡᠰ ᠪᠠᠳᠣ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠳᠣᠯᠠᠭ᠎ᠠ ᠬᠠᠩᠭᠠᠬᠤ ᠬᠡᠷᠡᠭᠳᠡᠢ ᠭᠡᠵᠡᠢ᠃ ᠬᠦᠬᠡᠬᠤᠳᠠ ᠶᠢᠨ ᠬᠤᠷᠢᠨᠭᠡᠷ ᠰᠢᠨ᠎ᠡ ᠨᠢᠰᠭᠬᠦ ᠤᠩᠭᠤᠴᠠᠨ ᠤ ᠪᠠᠭᠤᠳᠠᠯ ᠤᠨ ᠲᠦᠷᠭᠡᠨ ᠤ ᠵᠠᠰᠠᠮᠠᠯ ᠵᠠᠮ ᠤᠨ ᠪᠠᠷᠢᠯᠭ᠎ᠠ ᠶᠢᠨ ᠭᠠᠵᠠᠷ ᠲᠤ᠂ ᠶᠠᠩ ᠴᠣᠸᠠᠨ ᠲᠠᠩ ᠰᠢᠨ᠎ᠡ ᠨᠢᠰᠬᠦ ᠤᠩᠭᠤᠴᠠᠨ ᠤ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠣᠯᠳᠠ ᠶᠢᠨ ᠪᠠᠶᠢᠳᠠᠯ ᠢ ᠨᠠᠷᠢᠨ ᠣᠢᠢᠯᠠᠭᠠᠬᠤ ᠶᠢᠨ ᠬᠠᠮᠳᠣ ᠪᠠᠷᠢᠯᠭ᠎ᠠ ᠶᠢᠨ ᠠᠵᠢᠯᠴᠢᠳ ᠲᠠᠢ ᠳᠣᠳᠣᠨᠣ ᠪᠠᠷ ᠰᠠᠨᠠᠯ ᠢᠶᠠᠨ ᠰᠣᠯᠢᠯᠴᠠᠵᠣ᠂ ᠳᠡᠳᠡᠨᠡᠷ ᠢ ᠨᠠᠷᠢᠨ ᠨᠢᠮᠪᠠᠢ ᠠᠵᠢᠯᠯᠠᠵᠣ᠂ ᠪᠠᠷᠢᠯᠭ᠎ᠠ ᠶᠢᠨ ᠪᠦᠳᠦᠭᠡᠨ ᠪᠠᠶᠢᠭᠤᠯᠣᠯᠳᠠ ᠶᠢ ᠰᠠᠶᠢᠳᠣᠷ ᠪᠡᠶᠡᠯᠡᠭᠦᠯᠦᠭᠡᠷᠡᠢ ᠭᠡᠵᠦ ᠵᠣᠷᠢᠭᠵᠢᠭᠤᠯᠪᠠ᠃

    ᠬᠦᠬᠡᠬᠤᠳᠠ ᠶᠢᠨ ᠵᠡᠭᠦᠨ ᠭᠠᠯᠳᠣ ᠳᠡᠷᠭᠡᠨ ᠦᠷᠳᠡᠭᠡ ᠳᠤ᠂ ᠶᠠᠩ ᠴᠣᠸᠠᠨ ᠲᠠᠩ ᠬᠦᠬᠡᠬᠤᠳᠠ - ᠴᠢᠭᠤᠯᠣᠯᠳᠣ ᠬᠠᠭᠠᠯᠭ᠎ᠠ ᠬᠦᠷᠬᠦ ᠲᠡᠮᠦᠷ ᠵᠠᠮ ᠤᠨ ᠵᠢᠭᠤᠯᠴᠢᠨ ᠵᠤᠷᠴᠢᠭᠤᠯᠬᠤ ᠳᠣᠰᠬᠠᠢ ᠱᠣᠭᠤᠮ ᠤᠨ ᠪᠦᠳᠦᠭᠡᠨ ᠪᠠᠶᠢᠭᠤᠯᠣᠯᠳᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠣ᠂ ᠪᠠᠷᠢᠯᠭ᠎ᠠ ᠶᠢᠨ ᠠᠵᠢᠯ ᠤᠨ ᠳᠠᠯ᠎ᠠ ᠶᠢ ᠨᠠᠷᠢᠯᠢᠭ ᠵᠣᠬᠢᠶᠠᠨ ᠪᠠᠶᠢᠭᠤᠯᠵᠣ᠂ ᠰᠢᠨᠵᠢᠯᠡᠬᠦ ᠣᠬᠠᠭᠠᠨᠴᠢ ᠪᠠᠷ ᠬᠠᠮᠢᠶᠠᠷᠴᠣ᠂ ᠪᠠᠷᠢᠯᠭ᠎ᠠ ᠶᠢᠨ ᠶᠠᠰᠣ ᠴᠢᠨᠠᠷ ᠢ ᠦᠨᠡᠨᠬᠦ ᠪᠠᠳᠣᠯᠠᠬᠤ ᠬᠡᠷᠡᠭᠳᠡᠢ ᠭᠡᠵᠦ ᠱᠠᠭᠠᠷᠳᠠᠪᠠ᠃

    3 ᠰᠠᠷ᠎ᠠ ᠶᠢᠨ 30 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠣᠷᠣᠨ ᠪᠣᠯᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠣᠨ ᠠᠵᠢᠯ ᠤᠨ ᠬᠡᠯᠡᠯᠴᠡᠭᠡᠷ ᠬᠢᠪᠡ᠃ ᠶᠠᠩ ᠴᠣᠸᠠᠨ ᠲᠠᠩ ᠬᠡᠯᠡᠯᠴᠡᠭᠡᠷ ᠬᠢᠬᠦ ᠲᠤᠮᠳᠠ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠢᠮᠠᠭᠳᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠴᠢᠬᠤᠯᠠ ᠳᠦᠰᠦᠯ ᠪᠣᠯᠣᠨ ᠦᠭᠡᠷᠡᠴᠢᠯᠡᠯᠳᠡ ᠶᠢᠨ ᠰᠢᠢᠳᠪᠦᠷᠢᠳᠦ ᠪᠣᠳᠣᠯᠭ᠎ᠠ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠭᠵᠢᠯᠳᠡ ᠳᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠨᠡᠮᠡᠷᠢᠯᠡᠵᠦ᠂ ᠣᠷᠣᠨ ᠲᠠᠶᠠᠭᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠦᠪᠰᠢᠨ ᠳᠣᠭᠳᠠᠭᠤᠨ ᠢᠶᠠᠷ ᠳᠡᠭᠡᠭᠰᠢᠯᠡᠵᠦ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠶᠢᠭᠤᠯᠣᠮᠵᠢ ᠶᠢᠨ ᠦᠭᠡᠷᠡᠴᠢᠯᠡᠯᠳᠡ ᠰᠢᠨ᠎ᠡ ᠠᠬᠢᠯᠳᠠ ᠲᠠᠢ ᠪᠣᠯᠵᠣ᠂ ᠡᠳ᠋ ᠤᠨ ᠵᠠᠰᠠᠭ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠳᠤ ᠢᠳᠡᠪᠬᠢᠳᠡᠢ ᠬᠤᠪᠢ ᠨᠡᠮᠡᠷᠢ ᠦᠵᠡᠭᠦᠯᠵᠡᠢ ᠭᠡᠪᠡ᠃

    ᠶᠠᠩ ᠴᠣᠸᠠᠨ ᠲᠠᠩ᠂ ᠶᠠᠮᠣᠨ ᠣᠷᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠣᠷᠢ ᠶᠢᠨ ᠱᠠᠭᠠᠷᠳᠠᠯᠭ᠎ᠠ ᠶᠢ ᠬᠢᠨᠠᠮᠠᠭᠠᠢ ᠳᠣᠣᠱᠯᠠᠭᠤᠯᠵᠣ᠂ ᠬᠠᠮᠳᠣᠪᠠᠷ ᠴᠢᠷᠮᠠᠶᠢᠨ ᠬᠦᠭᠵᠢᠯᠳᠡ ᠶᠢᠨ ᠰᠢᠨ᠎ᠡ ᠪᠠᠶᠢᠳᠠᠯ ᠢ ᠳᠠᠰᠣᠷᠠᠯᠳᠠ ᠦᠭᠡᠢ ᠨᠡᠭᠡᠭᠡᠬᠦ ᠶᠢ ᠬᠦᠰᠡᠵᠦ ᠪᠠᠶᠢᠨ᠎ᠠ᠃ 《ᠨᠢᠭᠡ ᠪᠦᠰᠡ ᠨᠢᠭᠡ ᠵᠠᠮ》 ᠤ᠋ᠨ ᠣᠮᠠᠷᠠᠰᠢ ᠨᠡᠭᠡᠭᠡᠯᠳᠡ ᠬᠢᠬᠦ᠂ ᠣᠷᠣᠰ ᠮᠣᠩᠭᠤᠯ ᠲᠠᠢ ᠬᠤᠯᠪᠣᠯᠳᠣᠨ ᠨᠡᠪᠳᠡᠷᠡᠬᠦ ᠵᠢᠴᠢ ᠪᠡᠭᠡᠵᠢᠩ ᠲᠢᠶᠠᠨᠵᠢᠨ ᠾᠧᠪᠸᠢ ᠣᠷᠣᠨ ᠤ ᠶᠡᠷᠦᠩᠬᠡᠶᠢᠯᠡᠭᠰᠡᠨ ᠳᠡᠭᠡᠭᠡᠪᠦᠷᠢ ᠶᠢᠨ ᠳᠠᠷᠳᠠᠩ ᠵᠠᠮ ᠢ ᠴᠣᠭᠴᠠᠯᠠᠬᠤ ᠪᠠᠷ ᠭᠤᠣᠯᠳᠠᠯᠭ᠎ᠠ ᠪᠣᠯᠭᠠᠵᠣ᠂ ᠦᠪᠡᠷᠳᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠶᠢᠨ ᠳᠡᠳ᠋ ᠪᠦᠳᠦᠴᠡ ᠶᠢᠨ ᠳᠣᠣᠷ ᠢᠶᠠᠨ ᠳᠡᠭᠦᠯᠳᠡᠷᠵᠢᠭᠦᠯᠬᠦ ᠬᠡᠷᠡᠭᠳᠡᠢ; ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠢᠯᠡᠴᠢᠯᠡᠭᠡᠨ ᠤ ᠵᠡᠷᠬᠡᠯᠡᠯ ᠳᠡᠪᠰᠢᠬᠦ ᠶᠢ ᠢᠳᠡᠪᠬᠢᠳᠡᠢ ᠠᠬᠢᠭᠤᠯᠵᠣ᠂ ᠢᠷᠬᠡᠳ ᠤᠨ ᠣᠯᠠᠨ ᠡᠰᠢᠵᠢᠭᠰᠡᠨ᠂ ᠦᠪᠡᠷᠮᠢᠴᠡᠵᠢᠭᠰᠡᠨ ᠶᠠᠪᠣᠵᠣ ᠰᠠᠭᠤᠬᠤ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠳᠡᠢ; ᠵᠠᠮ ᠬᠠᠷᠢᠯᠴᠠᠭ᠎ᠠ ᠪᠠᠷ ᠶᠠᠳᠠᠭᠤ ᠶᠢ ᠳᠡᠳᠭᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠶᠢ ᠶᠡᠬᠡᠪᠡᠷ ᠠᠬᠢᠭᠤᠯᠬᠤ ᠬᠡᠷᠡᠭᠳᠡᠢ; ᠠᠵᠢᠯ ᠲᠦᠷᠦᠯ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠬᠡᠷᠡᠭᠳᠡᠢ ᠭᠡᠵᠡᠢ᠃ ᠳᠡᠷᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠣᠨ ᠦᠪᠦᠷ ᠮᠣᠩᠭᠤᠯ ᠤᠨ ᠵᠠᠮ ᠬᠠᠷᠢᠯᠴᠠᠭ᠎ᠠ ᠶᠢᠨ ᠪᠦᠳᠦᠭᠡᠨ ᠪᠠᠶᠢᠭᠤᠯᠣᠯᠳᠠ ᠶᠢ ᠲᠦᠷᠦ ᠶᠢᠨ ᠪᠣᠳᠣᠯᠭ᠎ᠠ᠂ ᠪᠡᠯᠡ ᠮᠦᠩᠭᠦ᠂ ᠴᠢᠳᠠᠪᠣᠷᠢᠳᠠᠨ᠂ ᠮᠡᠷᠭᠡᠵᠢᠯ ᠵᠡᠷᠭᠡ ᠳᠠᠯ᠎ᠠ ᠪᠠᠷ ᠳᠡᠮᠵᠢᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠣᠨ᠎ᠠ᠃ ᠦᠪᠡᠷᠳᠡᠭᠡᠨ ᠵᠠᠰᠠᠬᠤ ᠣᠷᠣᠨ ᠳᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠠᠵᠢᠯ ᠢ ᠴᠢᠨᠠᠭᠰᠢᠳᠠ ᠰᠠᠶᠢᠳᠣᠷ ᠬᠢᠵᠦ᠂ ᠡᠳ᠋ ᠤᠨ ᠵᠠᠰᠠᠭ ᠤᠨ ᠪᠡᠯᠡ ᠣᠷᠣᠭᠤᠯᠣᠯᠳᠠ ᠪᠠᠨ ᠨᠡᠮᠡᠭᠳᠡᠭᠦᠯᠵᠦ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠵᠠᠮ ᠬᠠᠷᠢᠯᠴᠠᠭ᠎ᠠ ᠶᠢᠨ ᠳᠡᠳ᠋ ᠪᠦᠳᠦᠴᠡ ᠶᠢᠨ ᠪᠦᠳᠦᠭᠡᠨ ᠪᠠᠶᠢᠭᠤᠯᠣᠯᠳᠠ ᠶᠢ ᠣᠯᠠᠨ ᠳᠠᠯ᠎ᠠ ᠪᠠᠷ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃

    ᠪᠦ᠋ ᠰᠢᠶᠤᠤ ᠯᠢᠨ ᠬᠡᠯᠡᠯᠴᠡᠭᠡᠷ ᠢ ᠡᠷᠬᠢᠯᠡᠭᠦ ᠳᠡᠭᠡᠨ᠂ ᠦᠪᠦᠷ ᠮᠤᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠣᠷᠢᠳᠣ ᠡᠮᠦᠨ᠎ᠡ ᠪᠠᠶᠢᠭ᠎ᠠ ᠦᠭᠡᠢ ᠬᠦᠭᠵᠢᠯᠳᠡ ᠳᠠᠪᠰᠢᠯᠳᠠ ᠨᠢ ᠤᠯᠤᠰ ᠤᠨ ᠲᠡᠮᠵᠢᠯᠭᠡ ᠠᠴᠠ ᠰᠠᠯᠵᠤ ᠴᠢᠳᠠᠬᠤ ᠦᠭᠡᠢ᠃ 70 ᠵᠢᠯ ᠤᠨ ᠲᠤᠷᠰᠢᠬᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠦᠭᠵᠢᠯᠳᠡ ᠶᠢᠨ ᠠᠬᠢᠴᠠ ᠪᠤᠯᠤᠨ ᠠᠮᠵᠢᠯᠳᠡ ᠪᠦᠳᠦᠮᠵᠢ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ ᠯᠤᠳᠤ ᠶᠡᠭᠡ ᠲᠠᠪᠠᠭᠤᠯᠢᠭ ᠢ ᠬᠦᠢᠴᠡᠳ ᠢᠯᠡᠷᠡᠭᠦᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠡᠴᠡ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠢᠷᠬᠡᠳ ᠲᠤ ᠦᠵᠡᠬᠦᠯᠦᠭᠰᠡᠨ ᠲᠤᠳᠤᠨᠤ ᠬᠠᠯᠠᠮᠵᠢᠯᠠᠯ ᠢ ᠬᠦᠢᠴᠡᠳ ᠢᠯᠡᠷᠡᠭᠦᠯᠵᠦ ᠪᠠᠶᠢᠨ᠎ᠠ᠃ ᠦᠪᠦᠷ ᠮᠤᠩᠭᠤᠯ ᠨᠠᠮ ᠤᠨ ᠲᠦᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠯᠠᠪᠳᠠᠢ ᠪᠦᠬᠦ ᠲᠠᠯ᠎ᠠ ᠪᠠᠷ ᠲᠤᠤᠱᠯᠠᠭᠤᠯᠵᠣ᠂ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠨᠡᠩ ᠬᠦᠴᠦᠨ ᠪᠦᠬᠦᠢ ᠦᠷ᠎ᠡ ᠪᠦᠳᠦᠮᠵᠢᠳᠡᠢ ᠠᠷᠭ᠎ᠠ ᠬᠡᠮᠵᠢᠶ᠎ᠠ ᠠᠪᠴᠤ᠂ ᠤᠷᠤᠨ ᠲᠠᠶᠠᠭᠠᠷ ᠤᠨ ᠵᠠᠮ ᠬᠠᠷᠢᠯᠴᠠᠭ᠎ᠠ ᠶᠢᠨ ᠳᠡᠳ᠋ ᠪᠦᠳᠦᠴᠡ ᠶᠢᠨ ᠨᠦᠬᠦᠴᠡᠯ ᠢᠶᠠᠨ ᠴᠢᠨᠠᠬᠰᠢᠳᠠ ᠰᠠᠶᠢᠵᠢᠷᠠᠭᠤᠯᠵᠤ᠂ ᠦᠪᠡᠷᠳᠡᠭᠡᠨ ᠵᠠᠰᠬᠠᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠢ ᠰᠢᠨ᠎ᠡ ᠬᠦᠭᠵᠢᠯᠳᠡ ᠶᠢᠨ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠦᠩᠭᠡᠷᠡᠭᠰᠡᠨ ᠲᠠᠢ ᠪᠠᠨ ᠠᠳᠠᠯᠢ ᠪᠠᠷ ᠦᠪᠦᠷ ᠮᠤᠩᠭᠤᠯ ᠢ ᠲᠡᠮᠵᠢᠨ ᠵᠢᠯᠤᠭᠤᠳᠴᠣ᠂ ᠦᠪᠦᠷ ᠮᠤᠩᠭᠤᠯ ᠳᠤ ᠳᠤᠰᠠᠯᠠᠨ ᠠᠵᠢᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠬᠤ ᠶᠢ ᠬᠦᠰᠡᠵᠤ ᠪᠠᠶᠢᠨ᠎ᠠ ᠬᠡᠵᠡᠢ᠃

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠦᠨ ᠭᠤᠸᠠᠩ ᠵᠦᠩ ᠪᠠᠷ᠎ᠠ ᠪᠤᠯᠵᠤ ᠪᠠᠶᠢᠴᠠᠭᠠᠨ ᠰᠤᠳᠤᠯᠤᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠪᠦᠸᠧ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠭᠦ ᠶᠢᠨ ᠬᠠᠮᠳᠤ ᠤᠷᠤᠨ ᠲᠠᠶᠠᠭᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠡᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120740006