蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠵᠢᠷᠭᠤᠳᠤᠭᠠᠷ ᠤᠳᠠᠭᠠᠨ ᠤ ᠤᠷᠤᠨ ᠲᠠᠶᠠᠭᠠᠷ ᠤᠨ ᠡᠮᠡᠭᠳᠡᠶᠢᠴᠤᠳ ᠬᠡᠤᠬᠡᠳ ᠤᠨ ᠠᠵᠢᠯ ᠤᠨ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ

2017-04-01 16:01

    3 ᠰᠠᠷ᠎ᠠ ᠶᠢᠨ 31 ᠤ ᠦᠳᠡ ᠶᠢᠨ ᠡᠮᠦᠨ᠎ᠠ᠂ ᠵᠢᠷᠭᠤᠳᠤᠭᠠᠷ ᠤᠳᠠᠭᠠᠨ ᠤ ᠤᠷᠤᠨ ᠲᠠᠶᠠᠭᠠᠷ ᠤᠨ ᠡᠮᠡᠭᠳᠡᠶᠢᠴᠤᠳ ᠬᠡᠤᠬᠡᠳ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠠᠢ᠃ ᠲᠡᠷᠡ᠂ ᠤᠷᠤᠨ ᠲᠠᠶᠠᠭᠠᠷ ᠤᠨ ᠡᠮᠡᠭᠳᠡᠶᠢᠴᠤᠳ ᠬᠡᠤᠬᠡᠳ ᠤᠨ ᠠᠵᠢᠯ ᠤᠨ ᠠᠮᠵᠢᠯᠳᠠ ᠪᠣᠯᠣᠨ ᠲᠤᠷᠰᠢᠯᠭ᠎ᠠ ᠶᠢ ᠬᠢᠨᠠᠮᠠᠭᠠᠢ ᠳ᠋ᠦᠡᠭᠨᠡᠵᠦ᠂ 《ᠲᠦᠷᠪᠡᠨ ᠢᠳᠡᠬᠡᠯ》 ᠢ᠋ᠶᠠᠨ ᠬᠦᠢᠴᠡᠳ ᠢᠯᠡᠷᠡᠭᠦᠯᠵᠦ᠂ ᠨᠠᠮ ᠤᠨ ᠲᠦᠪ ᠬᠤᠷᠢᠶ᠎ᠠ ᠶᠢᠨ ᠡᠮᠡᠭᠳᠡᠶᠢᠴᠤᠳ ᠬᠡᠤᠬᠡᠳ ᠤᠨ ᠦᠢᠯᠡᠰ ᠤᠨ ᠭᠦᠭᠵᠢᠯᠳᠠ ᠶᠢᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠭᠦᠨᠵᠡᠭᠡᠢ ᠲᠤᠤᠱᠯᠠᠭᠤᠯᠵᠤ᠂ ᠡᠮᠡᠭᠳᠡᠶᠢᠴᠤᠳ ᠬᠡᠤᠬᠡᠳ ᠤᠨ ᠦᠢᠯᠡᠰ ᠤᠨ ᠰᠢᠨ᠎ᠠ ᠠᠯᠬᠤᠮ ᠢ ᠠᠯᠬᠤᠵᠤ ᠰᠢᠨ᠎ᠠ ᠭᠦᠭᠵᠢᠯᠳᠠ ᠶᠢ ᠪᠡᠶᠡᠯᠡᠬᠦᠯᠬᠦ ᠶᠢ ᠠᠬᠢᠭᠤᠯᠬᠤ ᠬᠡᠷᠡᠭᠳᠡᠢ ᠭᠡᠵᠡᠢ᠃

    ᠪᠦ᠋ ᠰᠢᠶᠤᠤ ᠯᠢᠨ ᠡᠩ ᠲᠡᠷᠢᠬᠦᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢ ᠲᠦᠯᠦᠭᠡᠯᠡᠵᠦ᠂ ᠬᠦᠬᠢᠬᠦᠯᠦᠭᠳᠡᠨ ᠰᠠᠶᠢᠰᠢᠶᠠᠬᠳᠠᠬᠰᠠᠨ ᠤᠷᠤᠨ ᠲᠠᠶᠠᠭᠠᠷ ᠤᠨ ᠡᠮᠡᠭᠳᠡᠶᠢᠴᠤᠳ ᠬᠡᠤᠬᠡᠳ ᠤᠨ ᠬᠦᠭᠵᠢᠯᠳᠡ ᠶᠢᠨ ᠬᠦᠳᠦᠯᠪᠦᠷᠢ ᠶᠢ ᠬᠡᠷᠡᠭᠵᠢᠬᠦᠯᠦᠭᠰᠡᠨ ᠲᠡᠷᠢᠬᠦᠨ ᠤ ᠬᠠᠮᠳᠣ᠂ ᠲᠡᠷᠢᠬᠦᠨ ᠤ ᠬᠤᠪᠢ ᠬᠦᠮᠦᠨ ᠪᠠ ᠵᠢᠱᠢᠶ᠎ᠠ ᠦᠵᠡᠬᠦᠯᠬᠦ ᠰᠢᠶᠠᠨ ᠳᠤ ᠪᠠᠶᠠᠷ ᠬᠦᠷᠭᠡᠵᠦ᠂ ᠤᠷᠤᠨ ᠲᠠᠶᠠᠭᠠᠷ ᠤᠨ ᠦᠷᠭᠡᠨ ᠤᠯᠠᠨ ᠡᠮᠡᠭᠳᠡᠶᠢᠴᠤᠳ ᠬᠡᠤᠬᠡᠳ ᠤᠨ ᠠᠵᠢᠯᠳᠠᠨ ᠳᠤ ᠲᠠᠯᠠᠷᠬᠠᠯ ᠢᠶᠠᠨ ᠲᠡᠪᠰᠢᠬᠦᠯᠵᠡᠢ᠃ ᠲᠡᠷᠡ᠂ ᠡᠮᠡᠭᠳᠡᠶᠢᠴᠤᠳ ᠬᠡᠤᠬᠡᠳ ᠤᠨ ᠦᠢᠯᠡᠰ ᠢ ᠬᠦᠨᠳᠦᠳᠭᠡᠭᠦ ᠪᠤᠯ ᠨᠡᠶᠢᠭᠡᠮ ᠤᠨ ᠪᠤᠯᠪᠠᠰᠤᠨ ᠤ ᠲᠠᠪᠰᠢᠯᠳᠠ ᠶᠢᠨ ᠴᠢᠬᠤᠯᠡ ᠪᠡᠯᠭᠡ ᠲᠡᠮᠳᠡᠭ ᠪᠣᠯᠣᠨ᠎ᠠ᠂ ᠦᠪᠡᠷᠳᠡᠭᠡᠨ ᠵᠠᠰᠠᠬᠤ ᠤᠷᠤᠨ ᠪᠠᠶᠢᠭᠤᠯᠤᠳᠠᠬᠰᠠᠨ 70 ᠵᠢᠯ ᠤᠨ ᠲᠤᠷᠰᠢ ᠮᠠᠨ ᠤ ᠤᠷᠤᠨ ᠤ ᠡᠮᠡᠭᠳᠡᠶᠢᠴᠤᠳ ᠬᠡᠤᠬᠡᠳ ᠤᠨ ᠦᠢᠯᠡᠰ ᠳᠡᠯᠡᠬᠡᠢ ᠳ᠋ᠠᠬᠢᠨ ᠤ ᠠᠩᠬᠠᠷᠣᠯ ᠢ ᠳᠠᠳᠠᠭᠰᠠᠨ ᠠᠮᠵᠢᠯᠳᠠ ᠣᠯᠵᠠᠢ᠃ ᠡᠳᠡᠭᠡᠷ ᠠᠮᠵᠢᠯᠳᠠ ᠪᠦᠳᠦᠮᠵᠢ᠂ ᠲᠤᠷᠰᠢᠯᠭ᠎ᠠ ᠰᠤᠷᠭᠠᠮᠵᠢ ᠶᠢ ᠰᠢᠰᠲ᠋ᠧᠮ ᠲᠠᠢ ᠳ᠋ᠦᠡᠭᠨᠡᠵᠤ᠂ ᠤᠷᠤᠨ ᠲᠠᠶᠠᠭᠠᠷ ᠤᠨ ᠡᠮᠡᠭᠳᠡᠶᠢᠴᠤᠳ ᠬᠡᠤᠬᠡᠳ ᠤᠨ ᠦᠢᠯᠡᠰ ᠤᠨ ᠭᠦᠭᠵᠢᠯᠳᠠ ᠶᠢ ᠳᠠᠰᠣᠷᠠᠯᠳᠠ ᠦᠭᠡᠢ ᠲᠦᠯᠬᠢᠨ ᠣᠷᠣᠭᠰᠢᠯᠠᠭᠤᠯᠬᠤ ᠬᠡᠷᠡᠭᠳᠡᠢ᠃ ᠡᠮᠡᠭᠳᠡᠶᠢᠴᠤᠳ ᠬᠡᠤᠬᠡᠳ ᠤᠨ ᠦᠢᠯᠡᠰ ᠢ ᠭᠦᠭᠵᠢᠬᠦᠯᠬᠦ ᠶᠢᠨ ᠴᠢᠬᠤᠯᠠ ᠠᠴᠢ ᠬᠤᠯᠪᠤᠬᠳᠠᠯ ᠢ ᠬᠦᠢᠴᠡᠳ ᠲᠠᠨᠢᠵᠦ᠂ ᠨᠠᠮ ᠤᠨ ᠲᠦᠪ ᠬᠤᠷᠢᠶ᠎ᠠ ᠶᠢᠨ ᠡᠮᠡᠭᠳᠡᠶᠢᠴᠤᠳ ᠬᠡᠤᠬᠡᠳ ᠤᠨ ᠦᠢᠯᠡᠰ ᠤᠨ ᠬᠦᠭᠵᠢᠯᠳᠡ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ ᠵᠢᠷᠭᠤᠳᠤᠭᠠᠷ ᠤᠳᠠᠭ᠎ᠠ ᠶᠢᠨ ᠤᠯᠤᠰ ᠲᠠᠶᠠᠭᠠᠷ ᠤᠨ ᠡᠮᠡᠭᠳᠡᠶᠢᠴᠤᠳ ᠬᠡᠤᠬᠡᠳ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠠ ᠭᠦᠭᠵᠢᠯᠳᠠ ᠶᠢᠨ ᠤᠢᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠵᠤ᠂ ᠨᠡᠩ ᠦᠨᠳᠦᠷ ᠲᠦᠪᠰᠢᠨ ᠳᠡᠭᠡᠷ᠎ᠡ ᠠᠴᠠ ᠡᠮᠡᠭᠳᠡᠶᠢᠴᠤᠳ ᠬᠡᠤᠬᠡᠳ ᠤᠨ ᠦᠢᠯᠡᠰ ᠪᠠ ᠡᠳ᠋ ᠤᠨ ᠵᠠᠰᠠᠭ ᠨᠡᠶᠢᠭᠡᠮ ᠤᠨ ᠵᠤᠬᠢᠴᠠᠩᠭᠤᠢ ᠪᠠᠷ ᠭᠦᠭᠵᠢᠬᠦ ᠶᠢ ᠠᠬᠢᠭᠤᠯᠵᠤ᠂ ᠡᠮᠡᠭᠳᠡᠶᠢᠴᠤᠳ ᠬᠡᠤᠬᠡᠳ ᠤᠨ ᠭᠦᠭᠵᠢᠯᠳᠠ ᠶᠢᠨ ᠬᠦᠳᠦᠯᠪᠦᠷᠢ ᠳᠤ ᠲᠤᠬᠳᠠᠭᠠᠬᠰᠠᠨ ᠬᠠᠷᠠᠯᠳᠠ ᠡᠬᠦᠷᠭᠡ ᠶᠢ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠳᠡᠢ ᠭᠡᠵᠡᠢ᠃

    ᠪᠦ᠋ ᠰᠢᠶᠤᠤ ᠯᠢᠨ ᠂ ᠡᠷᠡᠭᠳᠡᠢ ᠡᠮᠡᠭᠳᠡᠢ ᠡᠷᠭᠡ ᠲᠡᠭᠰᠢ ᠪᠠᠶᠢᠬᠤ ᠦᠨᠳᠦᠰᠦᠨ ᠣᠯᠣᠰ ᠤᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ ᠡᠮᠡᠭᠳᠡᠶᠢᠴᠤᠳ ᠤᠨ ᠪᠦᠬᠦ ᠲᠠᠯ᠎ᠠ ᠶᠢᠨ ᠭᠦᠭᠵᠢᠯᠳᠠ ᠶᠢ ᠴᠢᠨᠠᠬᠰᠢᠳᠠ ᠠᠬᠢᠭᠤᠯᠬᠤ ᠬᠡᠷᠡᠭᠳᠡᠢ᠃ ᠡᠮᠡᠭᠳᠡᠶᠢᠴᠤᠳ ᠤᠨ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠳᠤ ᠦᠷᠭᠡᠨ ᠲᠠᠯᠬᠡᠷ ᠢᠶᠠᠷ ᠤᠷᠤᠯᠴᠠᠬᠤ ᠳᠤ ᠢᠳᠡᠪᠬᠢᠳᠡᠢ ᠪᠠᠷ ᠲᠠᠪᠴᠠᠩ ᠪᠠᠶᠢᠭᠤᠯᠣᠨ ᠦᠭᠴᠦ᠂ ᠠᠵᠢᠯ ᠤᠯᠭᠤᠬᠤ ᠳᠣᠮᠳᠠᠬᠢ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠡᠷᠡᠰ ᠠᠷᠢᠯᠭᠠᠬᠤ ᠬᠡᠷᠡᠭᠳᠡᠢ᠃ ᠡᠮᠡᠭᠳᠡᠢ ᠴᠢᠳᠠᠪᠤᠷᠢᠳᠠᠨ ᠢ ᠬᠦᠮᠦᠵᠢᠬᠦᠯᠬᠦ᠂ ᠡᠮᠡᠭᠳᠡᠢ ᠺᠠᠳ᠋ᠷᠴᠤᠳ ᠢ ᠰᠢᠯᠢᠨ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠡᠮᠡᠭᠳᠡᠶᠢᠴᠣᠳ ᠤᠨ ᠡᠷᠡᠭᠦᠯ ᠴᠢᠬᠢᠷᠠᠭ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ᠂ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠶᠢ ᠬᠡᠷᠡᠭᠵᠢᠭᠦᠯᠬᠦ ᠶᠢ ᠮᠠᠯᠵᠢᠬᠤ ᠲᠠᠷᠢᠶᠠᠯᠠᠬᠤ ᠤᠷᠤᠨ ᠤ ᠡᠮᠡᠭᠳᠡᠶᠢᠴᠤᠳ ᠤᠨ ᠤᠷᠤᠰᠢᠨ ᠲᠤᠬᠳᠠᠨᠢᠵᠤ ᠭᠦᠭᠵᠢᠬᠦ ᠨᠦᠬᠦᠴᠡᠯ ᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠡᠮᠡᠭᠳᠡᠶᠢᠴᠤᠳ ᠤᠨ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ ᠲᠤᠮᠳᠠ ᠠᠵᠢᠯ ᠤᠯᠵᠣ ᠭᠦᠭᠵᠢᠨ᠂ ᠤᠷᠤᠯᠭ᠎ᠠ ᠪᠠᠨ ᠨᠡᠮᠡᠭᠳᠡᠬᠦᠯᠦᠨ ᠴᠢᠨᠡᠭᠡᠯᠢᠭᠵᠢᠬᠦ ᠶᠢ ᠪᠡᠶᠡᠯᠡᠬᠦᠯᠬᠦ ᠭᠡᠷᠡᠭᠳᠡᠢ᠃ ᠡᠯ᠎ᠠ ᠱᠠᠳᠤᠨ ᠤ ᠵᠠᠰᠠᠭ ᠤᠨ ᠤᠷᠳᠤᠨ ᠬᠡᠤᠬᠡᠳ ᠢ ᠰᠠᠶᠢᠳᠤᠷ ᠬᠦᠮᠦᠵᠢᠬᠦᠯᠬᠦ ᠶᠢ ᠪᠠᠶᠢᠯᠳᠤᠬᠤ ᠪᠤᠳᠤᠯᠭ᠎ᠠ ᠶᠢᠨ ᠡᠬᠦᠷᠭᠡ ᠪᠤᠯᠭᠠᠵᠤ᠂ ᠤᠯᠠᠨ ᠨᠡᠶᠢᠳᠡ ᠶᠢᠨ ᠲᠦᠷᠦ ᠶᠢᠨ ᠪᠤᠳᠤᠯᠭ᠎ᠠ ᠲᠤᠬᠳᠠᠭᠠᠨ ᠬᠡᠷᠡᠭᠵᠢᠬᠦᠯᠬᠦ ᠶᠠᠪᠤᠴᠠ ᠳᠠᠭᠠᠨ ᠬᠡᠤᠬᠡᠳ ᠢ ᠣᠷᠢᠳᠠᠪᠠᠷ ᠪᠣᠳᠣᠯᠬᠢᠯᠠᠬᠤ ᠵᠠᠷᠴᠢᠮ ᠢ ᠨᠠᠶᠢᠳᠠᠪᠤᠷᠢᠵᠢᠭᠤᠯᠵᠤ᠂ ᠬᠡᠤᠬᠡᠳ ᠤᠨ ᠬᠦᠮᠦᠵᠢᠯ ᠢ ᠤᠷᠢᠳᠠᠪᠠᠷ ᠭᠦᠭᠵᠢᠬᠦᠯᠬᠦ ᠶᠢ ᠪᠠᠷᠢᠮᠳᠠᠯᠠᠵᠤ᠂ ᠬᠡᠤᠬᠡᠳ ᠪᠠᠭᠠᠴᠤᠳ ᠤᠨ ᠡᠷᠡᠬᠦᠯ ᠴᠢᠬᠢᠷᠠᠭ ᠤᠨ ᠦᠢᠯᠡᠴᠢᠯᠡᠭᠡ ᠶᠢ ᠤᠷᠢᠳᠠᠪᠠᠷ ᠬᠠᠨᠭ᠍ᠭᠠᠬᠤ ᠶᠢ ᠠᠬᠢᠭᠤᠯᠵᠤ᠂ ᠬᠡᠤᠬᠡᠳ ᠤᠨ ᠠᠰᠠᠷᠠᠮᠵᠢ ᠶᠢ ᠤᠷᠢᠳᠠᠪᠠᠷ ᠪᠠᠳᠤᠯᠠᠬᠤ ᠶᠢ ᠪᠡᠶᠡᠯᠡᠬᠦᠯᠵᠦ᠂ ᠬᠡᠤᠬᠡᠳ ᠤᠨ ᠡᠷᠡᠬᠦᠯ ᠢᠶᠠᠷ ᠵᠤᠯ ᠵᠢᠷᠭᠠᠯ ᠲᠠᠢ ᠦᠰᠦᠨ ᠪᠤᠶᠢᠵᠢᠬᠤ ᠶᠢ ᠦᠨᠡᠨᠬᠦ ᠪᠠᠳᠤᠯᠠᠬᠤ ᠬᠡᠷᠡᠭᠳᠡᠢ᠃ ᠡᠮᠡᠭᠳᠡᠶᠢᠴᠤᠳ ᠬᠡᠤᠬᠡᠳ ᠤᠨ ᠡᠷᠭᠡ ᠠᠰᠢᠭ ᠢ ᠬᠠᠤᠯᠢ ᠶᠤᠰᠤᠭᠠᠷ ᠪᠠᠳᠤᠯᠠᠵᠤ᠂ ᠡᠮᠡᠭᠳᠡᠶᠢᠴᠤᠳ ᠬᠡᠤᠬᠡᠳ ᠤᠨ ᠡᠷᠭᠡ ᠠᠰᠢᠭ ᠢ ᠬᠤᠬᠢᠷᠠᠭᠤᠯᠬᠤ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠭᠦ ᠬᠡᠷᠡᠭᠳᠡᠢ ᠭᠡᠵᠡᠢ᠃

    ᠪᠦ᠋ ᠰᠢᠶᠤᠤ ᠯᠢᠨ᠂ ᠪᠦᠬᠦ ᠨᠡᠶᠢᠭᠡᠮ ᠢᠶᠠᠷ ᠢᠶᠠᠨ ᠡᠮᠡᠭᠳᠡᠶᠢᠴᠤᠳ ᠬᠡᠤᠬᠡᠳ ᠤᠨ ᠦᠢᠯᠡᠰ ᠤᠨ ᠭᠦᠭᠵᠢᠯᠳᠠ ᠶᠢ ᠬᠠᠯᠠᠮᠵᠢᠯᠠᠨ ᠲᠡᠮᠵᠢᠬᠦ ᠬᠡᠷᠡᠭᠳᠡᠢ᠃ ᠡᠯ᠎ᠠ ᠱᠠᠳᠤᠨ ᠤ ᠵᠠᠰᠠᠭ ᠤᠨ ᠤᠷᠳᠤᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠮᠡᠭᠳᠡᠶᠢᠴᠤᠳ ᠬᠡᠤᠬᠡᠳ ᠤᠨ ᠦᠢᠯᠡᠰ ᠤᠨ ᠭᠦᠭᠵᠢᠯᠳᠠ ᠶᠢ ᠡᠳ᠋ ᠤᠨ ᠵᠠᠰᠠᠭ ᠨᠡᠶᠢᠭᠡᠮ ᠤᠨ ᠭᠦᠭᠵᠢᠯᠳᠠ ᠲᠠᠢ ᠢᠵᠢᠯ ᠠᠯᠬᠤᠮ ᠢᠶᠠᠷ ᠲᠦᠯᠦᠪᠵᠢᠬᠦᠯᠵᠦ᠂ ᠢᠵᠢᠯ ᠠᠯᠬᠤᠮ ᠢᠶᠠᠷ ᠭᠡᠷᠡᠭᠵᠢᠬᠦᠯᠵᠦ᠂ ᠢᠵᠢᠯ ᠠᠯᠬᠤᠮ ᠢᠶᠠᠷ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠠ ᠱᠠᠳᠤᠨ ᠤ ᠡᠮᠡᠭᠳᠡᠶᠢᠴᠤᠳ ᠬᠡᠤᠬᠡᠳ ᠤᠨ ᠠᠵᠢᠯ ᠤᠨ ᠵᠦᠪᠯᠡᠯ ᠵᠤᠬᠢᠶᠠᠨ ᠪᠠᠶᠢᠭᠤᠯᠤᠨ ᠵᠤᠬᠢᠴᠠᠭᠤᠯᠬᠤ ᠠᠵᠢᠯ ᠢ ᠴᠢᠩᠭᠠᠳᠬᠠᠵᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠠ ᠶᠢ ᠡᠭᠦᠳᠭᠦ ᠬᠡᠷᠡᠭᠳᠡᠢ᠃ ᠡᠮᠡᠭᠳᠡᠶᠢᠴᠤᠳ ᠤᠨ ᠬᠤᠯᠪᠤᠭ᠎ᠠ᠂ ᠡᠪ ᠬᠠᠮᠳᠤ ᠵᠠᠯᠠᠭᠤᠴᠤᠳ ᠤᠨ ᠡᠪᠯᠡᠯ᠂ ᠠᠵᠢᠯᠴᠢᠨ ᠤ ᠡᠪᠯᠡᠯ ᠵᠡᠷᠭᠡ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠬᠦᠬᠦᠷᠭᠡ ᠬᠤᠯᠪᠤᠭᠠᠰᠤ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠬᠦᠴᠦᠨ᠂ ᠤᠨᠴᠠᠭᠠᠢᠢᠯᠠᠨ ᠨᠡᠶᠢᠳᠡ ᠶᠢᠨ ᠠᠰᠠᠷᠠᠮᠵᠢ ᠨᠢᠭᠦᠯᠡᠰᠦᠩᠭᠦᠢ ᠶᠢᠨ ᠲᠦᠷᠦᠯ ᠤᠨ ᠵᠤᠬᠢᠶᠠᠠ ᠪᠢᠢᠭᠤᠯᠤᠯᠳᠠ ᠶᠢᠨ ᠢᠳᠡᠪᠬᠢᠵᠢᠯ ᠢ ᠲᠠᠶᠢᠴᠢᠯᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ ᠡᠮᠡᠭᠳᠡᠶᠢᠴᠤᠳ ᠢ ᠬᠦᠨᠳᠦᠳᠬᠡᠬᠦ᠂ ᠬᠡᠤᠬᠡᠳ ᠢ ᠬᠠᠯᠠᠮᠵᠢᠯᠠᠬᠤ ᠶᠢ ᠠᠷᠠᠳ ᠢᠷᠭᠡᠨ ᠤ ᠦᠨᠳᠦᠰᠦᠨ ᠬᠡᠪ ᠪᠤᠯᠪᠠᠰᠤᠷᠠᠯ ᠪᠠ ᠨᠡᠶᠢᠭᠡᠮ ᠤᠨ ᠬᠡᠪ ᠰᠤᠷᠳᠠᠯ ᠪᠤᠯᠭᠠᠬᠤ ᠬᠡᠷᠡᠭᠳᠡᠢ ᠭᠡᠵᠡᠢ᠃

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠠᠢ ᠰᠢᠶᠠᠩ ᠴᠢᠶᠦ᠋ᠨ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ ᠤᠷᠳᠤᠰ ᠬᠤᠳᠠ᠂ ᠪᠠᠭᠠᠷᠢᠨ ᠵᠡᠬᠦᠨ ᠬᠤᠰᠢᠭᠤᠨ ᠤ ᠬᠠᠷᠢᠭᠤᠴᠠᠯᠭᠠᠳᠠᠨ ᠳᠣᠷᠰᠢᠯᠭ᠎ᠠ ᠪᠠᠨ ᠳᠠᠨᠢᠯᠴᠠᠭᠤᠯᠵᠣ᠂ ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠬᠡᠤᠬᠡᠳ ᠤᠨ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠠᠵᠢᠯ ᠤᠨ ᠮᠡᠳᠡᠬᠦᠯᠦᠯᠳᠠ ᠬᠢᠪᠡ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120740590