蒙古文网站Logo
ᠰᠢᠨᠬᠤᠸᠠ ᠮᠤᠩᠭ᠋ᠤᠯ ᠨᠧᠲ

ᠮᠠᠰᠢᠨ ᠤ ᠤᠰᠤᠯ ᠳᠤ ᠬᠤᠯᠪᠤᠭᠳᠠᠭᠰᠠᠨ ᠵᠠᠰᠠᠭ ᠵᠠᠬᠢᠷᠭᠠᠨ ᠤ ᠬᠦᠮᠦᠰ ᠡᠴᠡ ᠬᠠᠷᠢᠭᠤᠴᠠᠯᠭ᠎ᠠ ᠨᠡᠬᠡᠮᠵᠢᠯᠡᠪᠡ

2017-04-05 12:03

    ᠰᠢᠨᠬᠤᠧᠠ ᠬᠤᠷᠢᠶ᠎ᠠ   ᠴᠠᠩᠱᠠ ᠶᠢᠨ 4 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠴᠧᠨ ᠸᠧᠨ ᠭᠤᠧᠠᠩ) ᠰᠤᠷᠪᠤᠯᠵᠢᠯᠠᠭᠴᠢ 4 ᠤ ᠡᠳᠦᠷ ᠬᠤᠨᠠᠨ ᠮᠤᠵᠢ ᠶᠢᠨ ᠴᠧᠨᠵᠧᠤ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠡᠴᠡ ᠤᠶᠢᠯᠠᠭᠠᠭᠰᠠᠨ ᠢᠶᠡᠷ᠂ 《4•3》 ᠮᠠᠰᠢᠨ ᠤ ᠤᠰᠤᠯ ᠳᠤ ᠬᠤᠯᠪᠤᠭᠳᠠᠭᠰᠠᠨ ᠵᠠᠰᠠᠭ ᠵᠠᠬᠢᠷᠭᠠᠨ ᠤ ᠬᠠᠷᠢᠭᠤᠴᠠᠯᠭᠠᠳᠠᠳ ᠡᠴᠡ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃

    3 ᠤ ᠡᠳᠦᠷ ᠤᠨ 17᠄50 ᠴᠠᠭ ᠲᠤ᠂ LFG866 ᠨᠤᠮᠧᠷ ᠲᠠᠢ ᠠᠴᠢᠶᠠᠨ ᠤ ᠮᠠᠰᠢᠨ ᠴᠧᠨᠵᠧᠤ ᠬᠤᠳᠠ ᠶᠢᠨ ᠰᠦᠰᠢᠶᠠᠨ ᠳᠡᠬᠦᠷᠬᠡ ᠶᠢᠨ ᠸᠠᠩ ᠰᠢᠶᠠᠨ ᠯᠢᠩ ᠦᠵᠡᠮᠦᠷᠢ ᠶᠢᠨ ᠤᠷᠤᠨ ᠡᠴᠡ ᠪᠤᠴᠠᠬᠤ ᠵᠠᠮ ᠳᠤ ᠪᠡᠨ ᠬᠦᠷᠪᠡᠵᠤ᠂ 12 ᠬᠦᠮᠦᠨ ᠤ ᠠᠮᠢ ᠨᠠᠰᠤ ᠦᠷᠡᠭᠳᠡᠨ᠂ 19 ᠬᠦᠮᠦᠨ ᠬᠡᠮᠳᠦᠨ ᠪᠡᠷᠬᠡᠳᠡᠵᠡᠢ᠃

    4 ᠤ ᠡᠳᠦᠷ᠂ ᠴᠧᠨᠵᠧᠤ ᠬᠤᠳᠠ ᠶᠢᠨ ᠨᠠᠮ ᠤᠨ ᠬᠤᠷᠢᠶ᠎ᠠ ᠬᠤᠷᠠᠯ ᠬᠤᠷᠠᠯᠳᠤᠭᠤᠯᠵᠤ᠂ ᠰᠦᠰᠢᠶᠠᠨ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠢ ᠰᠢᠭᠤᠢ ᠶᠢᠨ ᠰᠠᠯᠪᠤᠷᠢ ᠶᠢᠨ ᠠᠵᠢᠯ ᠢ ᠬᠤᠪᠢᠳᠠᠨ ᠬᠠᠷᠢᠭᠤᠴᠠᠭᠴᠢ ᠳᠡᠳ᠋ ᠳᠡᠬᠦᠷᠬᠡ ᠶᠢᠨ ᠳᠠᠷᠤᠭ᠎ᠠ ᠵᠧᠤ ᠶᠦᠩ᠂ ᠰᠦᠰᠢᠶᠠᠨ ᠳᠡᠬᠦᠷᠬᠡ ᠶᠢᠨ ᠤᠢ ᠰᠢᠭᠤᠢ ᠶᠢᠨ ᠳᠤᠪᠴᠢᠶᠠᠨ ᠤ ᠨᠠᠮ ᠤᠨ ᠬᠤᠷᠢᠶ᠎ᠠ ᠶᠢᠨ ᠱᠦᠵᠢ᠂ ᠳᠤᠪᠴᠢᠶᠠᠨ ᠳᠠᠷᠤᠭ᠎ᠠ ᠼᠤᠤ ᠰᠦᠩ ᠬᠤᠧᠠ᠂ ᠰᠦᠰᠢᠶᠠᠨ ᠳᠡᠬᠦᠷᠬᠡ ᠶᠢᠨ ᠤᠢ ᠰᠢᠭᠤᠢ ᠶᠢᠨ ᠳᠤᠪᠴᠢᠶᠠᠨ ᠤ ᠶᠡᠷᠦᠩᠬᠡᠢ ᠢᠨᠵᠧᠨᠧᠷ ᠶᠠᠩ ᠵᠢᠶᠠᠨ ᠨᠠᠷ ᠤᠨ ᠠᠯᠪᠠᠨ ᠳᠤᠰᠢᠶᠠᠯ ᠢ ᠤᠭᠴᠠᠷᠠᠭᠤᠯᠤᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120753473