蒙古文网站Logo
ᠰᠢᠨᠬᠤᠸᠠ ᠮᠤᠩᠭ᠋ᠤᠯ ᠨᠧᠲ

《ᠲᠤᠯᠤᠭᠠᠨ ᠲᠤᠤᠷ》  ᠢ᠋ ᠬᠠᠮᠳᠤ ᠪᠠᠷ ᠪᠠᠶᠢᠭᠤᠯᠣᠨ ᠰᠠᠭᠤᠷᠢ ᠪᠠᠨ ᠪᠠᠳᠤᠳᠬᠠᠵᠣ 《ᠲᠤᠯᠤᠭᠠᠨ ᠦᠢᠯᠡᠰ》 ᠢ᠋ ᠵᠡᠷᠭᠡᠪᠡᠷ ᠮᠠᠨᠳᠣᠭᠤᠯᠣᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠪᠦᠬᠦ ᠤᠷᠤᠨ ᠤ ᠠᠵᠤ ᠠᠬᠤᠢ ᠨᠡᠶᠢᠬᠡᠮ ᠤᠨ ᠬᠦᠭ᠍᠍ᠵᠢᠯᠳᠡ ᠨᠡᠩ ᠦᠨᠳᠦᠷ ᠲᠦᠪᠰᠢᠨ ᠳᠤ ᠭᠠᠷᠬᠤ ᠶᠢ ᠠᠬᠢᠭᠤᠯᠬᠤ ᠬᠡᠷᠡᠭᠳᠠᠢ

2017-04-07 15:21

    4 ᠰᠠᠷ᠎ᠠ ᠶᠢᠨ 5 ᠡᠴᠡ 6 ᠤ ᠡᠳᠤᠷ ᠪᠤᠯᠳᠠᠯ᠎ᠠ᠂ ᠦᠪᠦᠷ ᠮᠤᠩᠭ᠋ᠤᠯ ᠤᠨ ᠶᠡᠷᠦᠩᠬᠡᠶᠢᠯᠡᠭᠰᠡᠨ ᠰᠠᠭᠤᠷᠢ ᠲᠦᠬᠦᠬᠡᠷᠦᠮᠵᠢ ᠶᠢᠨ ᠪᠦᠳᠦᠭᠡᠨ ᠪᠠᠶᠢᠭᠤᠯᠤᠯᠳᠠ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠦ ᠦᠢᠯᠡᠰ ᠤᠨ ᠬᠦᠭ᠍ᠵᠢᠯᠳᠡ ᠵᠢᠴᠢ 2017 ᠤᠨ ᠤ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠠᠵᠢᠯ ᠡᠬᠢᠯᠡᠬᠦᠯᠵᠦ ᠪᠦᠳᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠬᠦᠬᠡᠬᠤᠳᠠ ᠳᠤ ᠬᠤᠷᠠᠯᠳᠣᠪᠠ᠃ ᠶᠡᠭᠡ ᠬᠤᠷᠠᠯ ᠨᠢ ᠲᠣᠬᠠᠢ ᠶᠢᠨ ᠳᠠᠯᠠᠪᠠᠢ ᠳᠤ ᠳᠣᠭᠤᠷᠢᠨ ᠦᠵᠡᠬᠦ ᠪᠠ ᠸᠢᠳᠢᠣ᠋ ᠬᠤᠷᠠᠯ ᠬᠢᠬᠦ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠤᠷᠠᠯ ᠳᠤ ᠤᠷᠤᠯᠴᠠᠬᠤ ᠶᠢᠨ ᠬᠠᠮᠳᠣ ᠴᠢᠬᠤᠯᠠ ᠶᠠᠷᠢᠶ᠎ᠠ ᠳᠠᠯᠪᠢᠵᠤ ᠴᠢᠬᠤᠯᠠᠴᠢᠯᠠᠭᠰᠠ ᠨᠢ᠂ ᠠᠩᠬᠠᠷᠣᠯ ᠢᠶᠠᠨ ᠲᠦᠪᠯᠡᠷᠡᠭᠦᠯᠦᠨ ᠬᠦᠴᠦ ᠪᠠᠨ ᠬᠠᠮᠳᠤᠳᠬᠠᠵᠦ 《ᠲᠤᠯᠤᠭᠠᠨ ᠲᠤᠤᠷ》 ᠢ᠋᠋ ᠬᠠᠮᠳᠤ ᠪᠠᠷ ᠪᠠᠶᠢᠭᠤᠯᠵᠤ᠂ 《ᠲᠤᠯᠤᠭᠠᠨ ᠦᠢᠯᠡᠰ》 ᠢ᠋ ᠵᠡᠷᠭᠡᠪᠡᠷ ᠮᠠᠨᠳᠣᠭᠤᠯᠬᠤ ᠶᠢ ᠠᠬᠢᠭᠤᠯᠵᠣ᠂ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠣᠭᠳᠣᠵᠣ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠳᠡᠢ ᠬᠡᠪᠡ᠃ 

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠪᠠ᠃

    ᠸᠢᠳᠢᠣ᠋ ᠬᠤᠷᠠᠯ ᠠᠴᠠ ᠡᠮᠦᠨ᠎ᠡ᠂ ᠯᠢ ᠵᠢᠢ ᠡᡁᠧᠩ᠂ ᠪᠦ᠋ ᠰᠢᠶᠣᠣ ᠯᠢᠨ ᠠᠩᠬᠢ ᠳᠠᠭᠠᠭᠤᠯᠤᠨ ᠳᠤᠮᠳᠠᠳᠤ ᠤᠯᠤᠰ ᠤᠨ ᠰᠢᠯᠵᠢᠭᠡ ᠬᠤᠯᠪᠤᠭ᠎ᠠ (ᠬᠦᠬᠡᠬᠤᠳᠠ) ᠶᠢᠨ ᠳ᠋ᠠᠶᠢᠲ᠋ᠠ ᠶᠢᠨ ᠲᠦᠪ ᠤᠨ ᠲᠦᠷᠦᠯ ᠵᠦᠢᠯ᠂ ᠶᠦᠨ ᠺᠧ IT  ᠤ᠋ᠨ ᠲᠦᠬᠦᠬᠡᠷᠦᠮᠵᠢ ᠶᠢ ᠳᠠᠬᠢᠨ ᠦᠢᠯᠡᠳᠪᠦᠷᠢᠯᠡᠬᠦ ᠠᠵᠤ ᠤᠢᠢᠯᠡᠰ ᠤᠨ ᠰᠠᠭᠤᠷᠢᠨ᠂ ᠶᠢᠨ ᠢᠦᠢ ᠠᠮᠢᠳᠤ ᠪᠤᠳᠠᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠦ ᠦᠢᠯᠡᠰ ᠤᠨ ᠬᠦᠷᠢᠶᠡᠯᠡᠩ ᠳᠣᠭᠤᠷᠢᠭ ᠤᠨ ᠲᠦᠷᠦᠯ ᠵᠦᠢᠯ᠂ ᠸᠧ ᠲᠧ ᠮᠠ ᠰᠢᠨ᠎ᠡ ᠡᠨᠧᠷᠬᠢ ᠶᠢᠨ ᠮᠠᠰᠢᠨ ᠳᠡᠷᠭᠡ ᠶᠢᠨ ᠠᠵᠤ ᠦᠢᠯᠡᠰ ᠤᠨ ᠬᠦᠷᠢᠶᠡᠯᠡᠩ᠂ ᠬᠦᠬᠡᠬᠤᠳᠠ ᠶᠢᠨ ᠭᠠᠵᠠᠷ ᠲᠤᠤᠷᠠᠬᠢ ᠳᠡᠮᠦᠷ ᠵᠠᠮ ᠤᠨ ᠨᠢᠭᠡᠳᠦᠭᠡᠷ ᠱᠣᠭᠤᠮ ᠤᠨ ᠬᠦᠬᠡᠬᠤᠳᠠ ᠶᠢᠨ ᠪᠣᠯᠣᠳ ᠲᠡᠮᠦᠷ ᠤᠨ ᠦᠢᠯᠡᠳᠪᠦᠷᠢ ᠶᠢᠨ ᠵᠡᠭᠦᠨ ᠵᠠᠮ ᠳᠠᠬᠢ ᠦᠷᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠪᠠᠶᠢᠳᠠᠯ ᠢ ᠲᠤᠭᠤᠷᠢᠨ ᠦᠵᠡᠵᠤ᠂ ᠬᠤᠷᠢᠨᠭᠡᠷ ᠰᠢᠨ᠎ᠡ ᠲᠤᠭᠤᠷᠢᠭ ᠤᠨ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠤᠨ ᠠᠵᠢᠯ ᠡᠬᠢᠯᠡᠭᠦᠯᠬᠦ ᠳᠠᠶᠢᠴᠢᠯᠠᠯᠳᠠ ᠶᠢᠨ ᠶᠡᠭᠡ ᠬᠤᠷᠠᠯ ᠳᠤ ᠤᠷᠤᠯᠴᠠᠪᠠ᠃

    ᠯᠢ ᠵᠢᠢ ᠡᡁᠧᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠠᠭᠤᠷᠢ ᠲᠦᠭᠦᠭᠡᠷᠦᠮᠵᠢ ᠶᠢᠨ《ᠲᠤᠯᠤᠭᠠᠨ ᠲᠤᠤᠷ》  ᠢ᠋ ᠬᠠᠮᠳᠤ ᠪᠠᠷ ᠪᠠᠶᠢᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ 《ᠲᠤᠯᠤᠭᠠᠨ ᠦᠢᠯᠡᠰ》 ᠢ᠋ ᠵᠡᠷᠭᠡᠪᠡᠷ ᠮᠠᠨᠳᠣᠭᠤᠯᠬᠤ ᠶᠢ ᠠᠬᠢᠭᠤᠯᠬᠤ ᠪᠤᠯ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠠᠴᠠ ᠭᠠᠷᠭᠠᠭᠰᠠᠨ ᠴᠢᠬᠤᠯᠠ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠦ ᠪᠣᠳᠣᠯᠬ᠎ᠠ ᠪᠣᠯᠣᠨ᠎ᠠ᠂ ᠦᠪᠦᠷ ᠮᠤᠩᠭᠤᠯ ᠤᠨ ᠰᠢᠨ᠎ᠡ ᠬᠦᠭ᠍ᠵᠢᠯᠳᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠡᠯ᠎ᠡ ᠱᠠᠳᠤᠨ ᠤ ᠬᠢᠨ ᠰᠢᠵᠢᠷ ᠠᠯᠳᠠᠨ ᠤᠯᠠᠷᠢᠯ ᠢ ᠠᠮᠵᠢᠨ᠂ ᠱᠠᠯᠠᠪᠳᠠᠨ ᠬᠦᠳᠡᠯᠦᠯᠴᠡᠵᠡᠭᠡᠵᠤ᠂ ᠳᠡᠮᠦᠷ ᠵᠠᠮ ᠤᠨ ᠲᠤᠤᠷ᠂ ᠵᠠᠰᠠᠮᠠᠯ ᠵᠠᠮ ᠤᠨ ᠲᠤᠤᠷ᠂ ᠠᠭᠠᠷ ᠤᠨ ᠠᠶᠠᠯᠠᠯ ᠤᠨ ᠲᠤᠤᠷ᠂ ᠬᠤᠳᠠ ᠶᠢᠨ ᠶᠠᠪᠤᠳᠠᠯ ᠤᠨ ᠲᠤᠤᠷ᠂ ᠤᠰᠤᠨ ᠠᠰᠢᠭᠯᠠᠯᠳᠠ ᠶᠢᠨ ᠲᠤᠤᠷ᠂ ᠡᠨᠧᠷᠬᠢ ᠶᠢᠨ ᠲᠤᠤᠷ᠂ ᠮᠡᠳᠡᠭᠡ ᠵᠠᠩᠬᠢ ᠴᠢᠮᠡᠭᠡ ᠬᠤᠯᠪᠣᠭ᠎ᠠ ᠶᠢᠨ ᠲᠤᠤᠷ ᠵᠡᠷᠭᠡ ᠰᠠᠭᠤᠷᠢ ᠲᠦᠭᠦᠭᠡᠷᠦᠮᠵᠢ ᠶᠢᠨ 《ᠲᠤᠯᠤᠭᠠᠨ ᠲᠤᠤᠷ》   ᠢ᠋ ᠬᠠᠮᠳᠤ ᠪᠡᠷ ᠪᠠᠶᠢᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠪᠦᠬᠦ ᠳᠠᠯ᠎ᠠ ᠪᠠᠷ ᠬᠢᠵᠦ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠳᠡᠭᠡᠳᠦ ᠳᠡᠰ ᠤᠨ ᠲᠤᠨᠤᠭ ᠲᠦᠭᠦᠭᠡᠷᠦᠮᠵᠢ᠂ ᠲᠤᠮᠤ ᠳ᠋ᠠᠶᠢᠲ᠋ᠠ ᠡᠭᠦᠯᠡᠨ ᠪᠤᠳᠤᠯᠳᠠ᠂ ᠠᠮᠢ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ᠂ ᠮᠤᠩᠭ᠋ᠤᠯ ᠬᠢᠳᠠᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ 《ᠲᠤᠯᠤᠭᠠᠨ ᠦᠢᠯᠡᠰ》 ᠢ᠋ ᠵᠡᠷᠭᠡᠪᠡᠷ ᠮᠠᠨᠳᠣᠭᠤᠯᠬᠤ ᠬᠦᠭ᠍ᠵᠢᠯᠳᠡ ᠶᠢᠨ ᠦᠷᠨᠢᠯᠳᠡ ᠶᠢ ᠲᠦᠷᠭᠡᠨ ᠭᠠᠷᠭᠠᠵᠣ᠂ ᠰᠠᠭᠤᠷᠢ ᠪᠠᠨ ᠪᠠᠳᠣᠳᠬᠠᠬᠤ ᠬᠦᠴᠦᠨ ᠢᠶᠠᠨ ᠳᠠᠰᠤᠷᠠᠯᠳᠠ ᠦᠭᠡᠢ ᠨᠦᠭᠡᠴᠡᠯᠡᠵᠦ᠂ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠭᠦᠯᠬᠦ ᠶᠢ ᠲᠦᠷᠬᠡᠳᠭᠡᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠳᠠ ᠶᠢ ᠲᠡᠮᠡᠴᠡᠨ ᠣᠯᠬᠤ᠂ ᠤᠳᠤᠬᠢᠴᠢᠯᠠᠭᠰᠠᠨ ᠦᠪᠦᠷ ᠮᠤᠩᠭ᠋ᠤᠯ ᠢ ᠪᠦᠳᠦᠭᠡᠨ ᠪᠠᠶᠢᠭᠤᠯᠬᠤ ᠳᠤ ᠬᠦᠴᠦᠨ ᠪᠦᠬᠦᠢ ᠪᠠᠳᠤᠯᠠᠭ᠎ᠠ ᠪᠠ ᠳᠣᠯᠭᠠᠭᠤᠷᠢᠯᠠᠯ ᠬᠠᠩᠭ᠋ᠠᠬᠤ ᠬᠡᠷᠡᠭᠳᠠᠢ ᠬᠡᠪᠡ᠃

    ᠯᠢ ᠵᠢᠢ ᠡᡁᠧᠩ ᠴᠢᠬᠤᠯᠠᠴᠢᠯᠠᠭᠰᠠᠨ ᠨᠢ᠂ ᠬᠦᠭ᠍ᠵᠢᠯᠳᠡ ᠳᠤ ᠵᠣᠬᠢᠴᠠᠬᠤ᠂ ᠵᠤᠬᠢᠬᠤ ᠬᠡᠮᠵᠢᠶ᠎ᠡ ᠪᠠᠷ ᠤᠷᠢᠳᠴᠢᠯᠡᠬᠤ ᠶᠢ ᠪᠠᠷᠢᠮᠳᠠᠯᠠᠵᠣ᠂ ᠲᠦᠯᠦᠪᠵᠢᠭᠦᠯᠭᠡ ᠲᠦᠯᠦᠪᠯᠡᠭᠡ ᠶᠢ ᠰᠠᠶᠢᠳᠤᠷ ᠠᠳᠬᠤᠵᠣ᠂ ᠲᠦᠷᠦᠯ ᠵᠦᠢᠯ ᠢ ᠠᠬᠢᠭᠤᠯᠬᠤ ᠶᠢ ᠰᠠᠶᠢᠳᠣᠷ ᠠᠳᠬᠤᠵᠣ᠂ ᠴᠢᠬᠤᠯᠠ ᠬᠦᠴᠦᠨ ᠵᠦᠢᠯ ᠤᠨ ᠪᠠᠳᠤᠯᠠᠭ᠎ᠠ ᠶᠢ ᠰᠠᠶᠢᠳᠣᠷ ᠠᠳᠬᠤᠵᠣ᠂ ᠴᠢᠨᠠᠷ ᠴᠢᠨᠰᠠᠭ᠎ᠠ ᠠᠮᠤᠷ ᠲᠦᠪᠰᠢᠨ ᠢ ᠰᠠᠶᠢᠳᠣᠷ ᠠᠳᠬᠤᠵᠣ᠂ ᠦᠪᠡᠷ ᠤᠨ ᠦᠷᠳᠡᠭ ᠢ ᠨᠢ ᠬᠢᠵᠠᠭᠠᠷᠯᠠᠬᠤ ᠶᠢ ᠰᠠᠶᠢᠳᠤᠷ ᠠᠳᠬᠤᠵᠤ᠂ ᠶᠡᠷᠦᠩᠬᠡᠶᠢᠯᠡᠭᠰᠡᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠰᠢᠨ᠎ᠡ ᠰᠢᠪᠳᠤᠯᠤᠯᠳᠠ ᠲᠠᠢ ᠪᠣᠯᠬᠤ ᠶᠢ ᠠᠬᠢᠭᠤᠯᠬᠤ ᠬᠡᠷᠡᠭᠳᠡᠢ᠃ ᠦᠨᠳᠦᠷ ᠭᠠᠷᠤᠭ᠎ᠠ ᠠᠴᠠ ᠡᠬᠢᠯᠡᠬᠦᠯᠬᠦ᠂ ᠳᠡᠭᠡᠳᠦ ᠳᠡᠰ ᠤᠨ ᠬᠢ ᠶᠢ ᠴᠣᠭᠯᠠᠷᠠᠭᠤᠯᠬᠤ ᠶᠢ ᠪᠠᠷᠢᠮᠳᠠᠯᠠᠵᠣ᠂ ᠲᠦᠷᠦᠯ ᠵᠦᠢᠯ ᠤᠨ ᠲᠤᠯᠭᠠᠭᠤᠷᠢᠯᠠᠯ ᠢ ᠴᠢᠩᠭ᠋ᠠᠷᠠᠭᠤᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠴᠢᠩᠭ᠋ᠠᠷᠠᠭᠤᠯᠵᠤ᠂ ᠠᠵᠢᠯ ᠦᠢᠯᠡᠰ ᠢ ᠴᠤᠭᠯᠠᠷᠠᠭᠤᠯᠬᠤ ᠶᠢ ᠴᠢᠩᠭ᠋ᠠᠷᠠᠭᠤᠯᠵᠤ᠂ ᠨᠡᠭᠡᠭᠡᠯᠳᠡ ᠬᠢᠵᠦ ᠬᠠᠮᠳᠣᠷᠠᠨ ᠠᠵᠢᠯᠯᠠᠬᠤ ᠶᠢ ᠴᠢᠩᠭ᠋ᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠶᠢ ᠴᠢᠩᠭ᠋ᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ᠬᠦᠭ᠍ᠵᠢᠯᠳᠡ ᠰᠢᠨ᠎ᠡ ᠳᠠᠪᠠᠯᠳᠠ ᠲᠠᠢ ᠪᠣᠯᠬᠤ ᠶᠢ ᠠᠬᠢᠭᠤᠯᠬᠤ ᠬᠡᠷᠡᠭᠳᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭ᠋ᠠᠳᠬᠠᠨ᠂ ᠠᠬᠢᠭᠤᠯᠬᠤ ᠳᠣᠭᠳᠠᠴᠠ ᠪᠠᠨ ᠳᠡᠭᠦᠯᠳᠡᠷᠵᠢᠭᠦᠯᠦᠨ᠂ ᠰᠠᠯᠠᠭ᠎ᠠ ᠮᠦᠴᠢᠷ ᠤᠨ ᠬᠤᠷᠰᠢᠯᠴᠠᠯ ᠢ ᠴᠢᠩᠭ᠋ᠠᠷᠠᠭᠤᠯᠵᠤ᠂ ᠱᠠᠯᠠᠪᠳᠠᠭᠤᠯᠣᠨ ᠪᠠᠶᠢᠴᠠᠭᠠᠵᠣ ᠬᠢᠨᠠᠨ ᠰᠢᠯᠭᠠᠬᠤ ᠶᠢ ᠴᠢᠩᠳᠠᠯᠠᠵᠤ᠂ ᠪᠤᠳᠠᠳᠠᠢ ᠠᠵᠢᠯᠯᠠᠬᠤ ᠰᠤᠷᠳᠠᠯ ᠢ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠵᠤ᠂ ᠪᠤᠳᠠᠳᠤ ᠦᠷ᠎ᠡ ᠪᠦᠳᠦᠮᠵᠢ ᠤᠯᠬᠤ ᠶᠢ ᠦᠨᠡᠨᠬᠦ ᠪᠠᠳᠣᠯᠬᠠᠣ ᠬᠡᠷᠡᠭᠳᠠᠢ ᠭᠡᠵᠡᠢ᠃

    ᠪᠦ᠋ ᠰᠢᠶᠤᠤ ᠯᠢᠨ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭ᠋ᠠᠳᠬᠠᠨ᠂ ᠠᠵᠢᠯ ᠤᠨ ᠪᠠᠶᠢᠭᠤᠯᠤᠮᠵᠢ ᠪᠠᠨ ᠳᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠤᠭᠳᠠᠭᠤᠨ ᠤ ᠳᠣᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ᠌ ᠠᠶᠠᠰ ᠂ ᠬᠠᠩᠭ᠋ᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ ᠰᠢᠨ᠎ᠡ ᠬᠦᠭ᠍ᠵᠢᠯᠳᠡ ᠶᠢᠨ ᠤᠢᠢᠯᠠᠭᠠᠭᠳᠠᠬᠤᠨ ᠤ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠦᠨᠡᠨᠬᠦ ᠠᠳᠬᠤᠨ ᠪᠤᠳᠠᠳᠠᠢ ᠠᠵᠢᠯᠯᠠᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠪᠡᠷᠳᠡᠭᠡᠨ ᠵᠠᠰᠠᠬᠤ ᠤᠷᠤᠨ ᠤ ᠶᠡᠷᠦᠩᠬᠡᠶᠢᠯᠡᠭᠰᠡᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠰᠢᠨ᠎ᠡ ᠰᠢᠪᠳᠤᠯᠤᠯᠳᠠ ᠲᠠᠢ ᠪᠣᠯᠬᠤ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠦ ᠦᠢᠯᠡᠰ ᠰᠢᠨ᠎ᠡ ᠬᠦᠭ᠍ᠵᠢᠯᠳᠡ ᠲᠠᠢ ᠪᠣᠯᠬᠤ ᠶᠢ ᠴᠢᠷᠮᠠᠶᠢᠨ ᠠᠬᠢᠭᠤᠯᠬᠤ ᠬᠡᠷᠡᠭᠳᠠᠢ ᠬᠡᠪᠡ᠃

    ᠪᠤᠭᠤᠳᠤ ᠬᠤᠳᠠ᠂ ᠤᠯᠠᠭᠠᠨᠬᠠᠳᠠ ᠬᠤᠳᠠ᠂ ᠦᠪᠡᠷᠳᠡᠭᠡᠨ ᠵᠠᠰᠠᠬᠤ ᠤᠷᠤᠨ ᠤ ᠬᠦᠭ᠍ᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠬᠢᠮ᠂ ᠲᠤᠮᠤ ᠳ᠋ᠠᠶᠢᠲ᠋ᠠ ᠶᠢᠨ ᠬᠦᠭ᠍ᠵᠢᠯᠳᠡ ᠶᠢᠨ ᠬᠠᠮᠢᠶᠠᠷᠤᠯᠳᠠ ᠶᠢᠨ ᠲᠤᠪᠴᠢᠶ᠎ᠠ᠂ ᠬᠤᠷᠴᠢᠨ ᠲᠤᠭᠤᠷᠢᠭ᠂ ᠵᠡᠭᠦᠨᠭᠠᠷ ᠬᠤᠰᠢᠭᠤ ᠳᠣᠷᠰᠢᠯᠭ᠎ᠠ ᠪᠠᠨ ᠳᠠᠨᠢᠯᠴᠠᠭᠤᠯᠬᠤ ᠦᠭᠡ ᠬᠡᠯᠡᠪᠡ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120769046