蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ᠄ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠣᠣᠱᠯᠠᠭᠤᠯᠵᠣ ᠦᠨᠡᠨ ᠰᠡᠳᠬᠢᠯ ᠠᠴᠠ ᠪᠠᠨ ᠦᠨᠡᠨᠬᠦ ᠴᠢᠷᠮᠠᠶᠢᠵᠣ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠰᠠᠶᠢᠳᠣᠷ ᠬᠢᠬᠦ ᠬᠡᠷᠡᠭᠳᠠᠢ

2017-04-07 17:13

    4 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠢᠢᠩᠭ᠋ᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ 2016 ᠤᠨ ᠤ ᠮᠤᠵᠢ ᠶᠢᠨ ᠱᠠᠳᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠤᠷᠳᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠣᠯᠠᠮᠵᠢᠯᠠᠵᠣ᠂ ᠮᠠᠨ ᠤ ᠤᠷᠤᠨ ᠤ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠤᠷᠠᠯ ᠡᠷᠬᠢᠯᠡᠪᠡ᠃

    ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠪᠤᠯ ᠴᠢᠨᠡᠭᠡᠯᠢᠭ ᠨᠡᠶᠢᠭᠡᠮ ᠢ ᠪᠦᠬᠦ ᠳᠠᠯ᠎ᠡ ᠪᠠᠷ ᠪᠡᠶᠡᠯᠡᠭᠦᠯᠬᠦ ᠶᠢᠨ ᠬᠠᠮᠤᠭ ᠤᠨ ᠶᠡᠭᠡ ᠳᠣᠳᠠᠭᠤᠳᠠᠯ᠂ ᠬᠠᠮᠤᠭ ᠤᠨ ᠬᠠᠳᠠᠭᠤ ᠪᠡᠷᠬᠡᠰᠢᠶᠡᠯᠳᠡᠢ ᠡᠭᠦᠷᠭᠡ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠠᠴᠠ ᠰᠠᠨᠠᠭᠠᠰᠢᠷᠠᠵᠤ ᠪᠠᠶᠢᠭ᠎ᠠ ᠵᠦᠢᠯ ᠪᠤᠯᠬᠤ ᠪᠦᠬᠡᠳ ᠮᠦᠨ ᠴᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠮᠤᠭ ᠤᠨ ᠶᠡᠭᠡ 《ᠰᠡᠳᠬᠢᠯ ᠤᠨ ᠡᠪᠡᠳᠴᠢᠨ》 ᠪᠣᠯᠣᠨ᠎ᠠ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠶᠠᠳᠠᠭᠤ ᠶᠢ ᠳᠡᠳᠬᠦᠨ ᠨᠡᠭᠡᠭᠡᠨ ᠬᠦᠭ᠍ᠵᠢᠭᠦᠯᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ ᠤᠢᠢᠯᠠᠭᠠᠵᠣ᠂ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠤᠨ ᠰᠢᠨ᠎ᠡ ᠪᠠᠶᠢᠷᠢᠯᠠᠭᠤᠯᠤᠯᠳᠠ ᠰᠢᠨ᠎ᠡ ᠱᠠᠭᠠᠷᠳᠠᠯᠭ᠎ᠠ ᠶᠢ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠤᠬᠠᠮᠰᠠᠷ ᠠᠴᠠ ᠪᠠᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠰᠠᠶᠢᠳᠣᠷ ᠠᠳᠬᠤᠬᠤ ᠶᠢ ᠤᠯᠤᠰ ᠲᠦᠷᠦ ᠶᠢᠨ ᠤᠬᠠᠮᠰᠠᠷ᠂ ᠶᠡᠭᠡ ᠳᠠᠯ᠎ᠠ ᠶᠢᠨ ᠤᠬᠠᠮᠰᠠᠷ᠂ ᠭᠤᠤᠯᠯᠠᠭᠴᠢ ᠶᠢᠨ ᠤᠬᠠᠮᠰᠠᠷ᠂ ᠨᠢᠭᠡᠳᠦᠯᠳᠠᠢ ᠪᠠᠶᠢᠬᠤ ᠤᠬᠠᠮᠰᠠᠷ ᠢᠶᠠᠨ ᠴᠢᠩᠭ᠋ᠠᠷᠠᠭᠤᠯᠬᠤ ᠪᠤᠳᠠᠳᠦ ᠢᠯᠡᠷᠡᠯ ᠪᠣᠯᠭᠠᠵᠣ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠬᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠪᠣᠳᠠᠳᠣ ᠠᠵᠢᠯᠯᠠᠭ᠎ᠠ ᠪᠣᠯᠭᠠᠵᠣ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠣ᠂ ᠳᠣᠮᠣ ᠬᠠᠷᠢᠭᠤᠴᠠᠯᠭ᠎ᠠ ᠶᠢ ᠡᠭᠦᠷᠭᠡᠯᠡᠵᠦ᠂ ᠦᠨᠡᠨ ᠴᠢᠳᠠᠪᠣᠷᠢ ᠪᠠᠨ ᠪᠠᠳᠠᠷᠠᠭᠤᠯᠵᠣ᠂ ᠵᠤᠷᠢᠭ ᠰᠢᠭᠤᠳᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠳᠠᠶᠢᠯᠠᠯᠳᠣᠭᠠᠨ ᠤ ᠢᠯᠠᠯᠳᠠ ᠶᠢ ᠤᠯᠵᠤ᠂ ᠬᠠᠷᠢᠭᠤᠴᠠᠯᠭ᠎ᠠ ᠶᠢᠨ ᠪᠢᠴᠢᠭ᠌ ᠢᠶᠠᠨ ᠳᠡᠷᠡ ᠶᠣᠰᠣᠭᠠᠷ ᠨᠢ ᠪᠡᠶᠡᠯᠡᠭᠦᠯᠤᠨ᠂ ᠪᠠᠳᠤᠯᠠᠭ᠎ᠠ ᠶᠢᠨ ᠪᠢᠴᠢᠭ᠌ ᠢᠶᠠᠨ ᠪᠤᠳᠠᠳᠠᠶᠢᠵᠢᠭᠤᠯᠬᠤ ᠬᠡᠷᠡᠭᠳᠠᠢ ᠬᠡᠪᠡ᠃

    ᠬᠤᠷᠠᠯ ᠠᠴᠠ ᠴᠢᠬᠤᠯᠠᠴᠢᠯᠠᠭᠰᠠᠨ ᠨᠢ᠂ ᠲᠤᠷᠰᠢᠯᠭ᠎ᠠ ᠪᠠᠨ ᠳ᠋ᠦᠩᠨᠡᠨ ᠵᠦᠷᠢᠶ᠎ᠡ ᠪᠠᠨ ᠡᠷᠢᠵᠤ᠂ ᠬᠠᠷᠠᠯᠳᠠ ᠲᠠᠢ ᠬᠠᠷᠢᠴᠠᠭᠤᠯᠣᠨ ᠨᠠᠶᠢᠳᠠᠪᠤᠷᠢᠵᠢᠭᠤᠯᠬᠤ ᠶᠢ ᠠᠳᠬᠤᠵᠤ᠂ ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠠᠷᠭ᠎ᠠ ᠪᠣᠳᠣᠯᠭ᠎ᠠ ᠶᠢ ᠦᠷᠭᠦᠯᠵᠢᠯᠡᠨ ᠪᠠᠷᠢᠮᠳᠠᠯᠠᠵᠤ᠂ ᠬᠠᠳᠬᠤᠮᠠᠯ ᠬᠠᠳᠬᠤᠬᠤ ᠰᠦᠰᠦ ᠵᠤᠷᠢᠭ ᠢᠶᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠰᠠᠶᠢᠳᠣᠷ ᠬᠢᠬᠦ ᠬᠡᠷᠡᠭᠳᠠᠢ᠃ ᠶᠠᠳᠠᠭᠤ ᠶᠢ ᠳᠡᠳᠬᠦᠬᠦ ᠡᠳᠡᠭᠡᠳ ᠢᠶᠠᠨ ᠤᠨᠤᠪᠴᠢᠳᠠᠢ ᠢᠯᠭᠠᠵᠣ᠂ ᠳᠠᠩᠰᠠ ᠡᠪᠬᠡᠮᠡᠯ ᠪᠠᠶᠢᠭᠤᠯᠣᠨ ᠺᠠᠷᠲ ᠵᠣᠬᠢᠶᠠᠬᠤ ᠠᠵᠢᠯ ᠢ ᠪᠤᠳᠠᠳᠠᠢ ᠨᠠᠷᠢᠯᠢᠭ ᠬᠢᠵᠤ᠂ ᠬᠦᠳᠡᠯᠦᠩᠭᠦᠢ ᠬᠠᠮᠢᠶᠠᠷᠤᠯᠳᠠ ᠶᠢ ᠰᠠᠶᠢᠳᠤᠷ ᠬᠢᠵᠤ᠂ ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠰᠠᠭᠤᠷᠢ ᠶᠢ ᠪᠠᠳᠤᠳᠬᠠᠬᠤ ᠬᠡᠷᠡᠭᠳᠠᠢ᠃ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠯᠵᠢᠬᠤ ᠣᠷᠣᠨ᠂ ᠳᠠᠷᠢᠶᠠᠯᠠᠬᠤ ᠤᠷᠤᠨ ᠪᠠ ᠰᠢᠭᠤᠢᠢᠳᠤ ᠤᠷᠤᠨ ᠤ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠶᠠᠳᠠᠭᠤ ᠲᠤᠰᠬᠤᠨ ᠪᠦᠷᠢ᠂ ᠶᠠᠳᠠᠭᠤ ᠡᠷᠦᠭᠡ ᠪᠦᠷᠢ ᠶᠢᠨ ᠪᠤᠳᠠᠳᠣ ᠪᠠᠶᠢᠳᠠᠯ ᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠳᠣᠬᠢᠷᠠᠭᠤᠯᠵᠣ᠂ ᠠᠳᠠᠯᠢ ᠪᠤᠰᠤ ᠡᠷᠦᠭᠡ ᠠᠳᠠᠯᠢ ᠪᠤᠰᠤ ᠲᠤᠰᠬᠤᠨ ᠳᠤ ᠠᠳᠠᠯᠢ ᠪᠤᠰᠤ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠤ᠂ ᠶᠠᠳᠠᠭᠤ ᠶᠢ ᠳᠡᠳᠬᠦᠬᠦ ᠠᠵᠢᠯ ᠤᠨ ᠪᠦᠳᠦᠮᠵᠢᠳᠦ ᠴᠢᠨᠠᠷ ᠢ ᠳᠡᠭᠡᠭᠰᠢᠯᠡᠭᠦᠯᠬᠦ ᠬᠡᠷᠡᠭᠳᠠᠢ᠃ ᠶᠠᠳᠠᠭᠤ ᠶᠢ ᠳᠡᠳᠬᠦᠬᠦ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠣ᠂ ᠡᠳ᠋ ᠤᠨ ᠵᠠᠰᠠᠭ ᠤᠨ ᠮᠠᠯ ᠠᠵᠣ ᠠᠬᠤᠢ ᠳᠠᠷᠢᠶᠠᠯᠠᠩ ᠳᠤ ᠬᠤᠯᠪᠤᠭᠳᠠᠬᠤ ᠪᠡᠯᠡ ᠮᠦᠩᠬᠦ ᠶᠢ ᠨᠡᠶᠢᠳᠭᠡᠬᠦ ᠶᠢ ᠰᠠᠶᠢᠳᠣᠷ ᠠᠳᠬᠤᠵᠣ᠂ ᠡᠯ᠎ᠡ ᠵᠦᠢᠯ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ ᠤᠨᠤᠪᠴᠢᠳᠠᠢ ᠬᠡᠷᠡᠭᠯᠡᠵᠤ᠂ ᠶᠠᠳᠠᠭᠤ ᠬᠦᠴᠢᠷᠳᠡᠯ ᠲᠠᠢ ᠭᠠᠵᠠᠷ ᠤᠷᠤᠨ᠂ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠶᠠᠳᠠᠭᠤ ᠠᠴᠠ ᠪᠠᠨ ᠠᠩᠬᠢᠵᠢᠷᠠᠬᠤ ᠠᠵᠤ ᠦᠢᠯᠡᠰ ᠢ ᠲᠦᠷᠭᠡᠳᠭᠡᠨ ᠬᠦᠭ᠍ᠵᠢᠭᠦᠯᠬᠦ ᠶᠢ ᠶᠡᠬᠡᠪᠡᠷ ᠳᠡᠮᠵᠢᠵᠦ᠂ ᠶᠠᠳᠠᠭᠤ ᠬᠦᠴᠢᠷᠳᠠᠯ ᠲᠠᠢ ᠡᠷᠦᠭᠡ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠰᠠᠭᠤᠬᠤ ᠶᠢ ᠣᠨᠣᠪᠴᠢᠳᠠᠢ ᠳᠡᠳᠭᠦᠵᠤ᠂ ᠡᠪᠡᠳᠴᠢᠨ ᠠᠴᠠ ᠪᠤᠯᠵᠣ ᠶᠠᠳᠠᠭᠤᠷᠠᠭᠰᠠᠨ ᠭᠡᠷ ᠪᠦᠯᠢ ᠶᠢ ᠣᠨᠣᠪᠴᠢᠳᠠᠢ ᠳᠡᠳᠭᠦᠵᠤ᠂ ᠲᠦᠷᠦᠯ ᠵᠦᠢᠯ᠂ ᠪᠡᠯᠡ ᠮᠦᠩᠬᠦ᠂ ᠠᠷᠭ᠎ᠠ ᠬᠡᠮᠵᠢᠶ᠎ᠡ᠂ ᠬᠦᠴᠦᠨ ᠴᠢᠳᠠᠯ ᠢ ᠶᠠᠳᠠᠭᠤ ᠬᠦᠴᠢᠷᠳᠡᠯ ᠲᠠᠢ ᠣᠯᠠᠨ ᠲᠦᠮᠡᠨ ᠪᠦᠷᠢ ᠳᠤ ᠣᠨᠣᠪᠴᠢᠳᠠᠢ ᠨᠠᠶᠢᠳᠠᠪᠣᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠠᠢ᠃ ᠶᠡᠭᠡ ᠬᠦᠴᠦ ᠣᠷᠣᠭᠤᠯᠣᠨ ᠶᠠᠳᠠᠭᠤ ᠶᠢ ᠳᠡᠳᠬᠦᠬᠦ ᠠᠵᠢᠯ ᠳᠤᠮᠳᠠ ᠤᠷᠤᠰᠢᠵᠤ ᠪᠠᠶᠢᠭ᠎ᠠ ᠬᠡᠯᠪᠡᠷᠢ ᠶᠢᠨ ᠦᠵᠡᠯ ᠤᠨ ᠠᠰᠠᠭᠤᠳᠠᠯ ᠢ ᠰᠢᠢᠳᠪᠦᠷᠢᠯᠡᠵᠤ᠂ ᠡᠯ᠎ᠡ ᠱᠠᠳᠤᠨ ᠤ ᠺᠠᠳ᠋ᠷᠴᠣᠳ ᠦᠨᠡᠨᠬᠦ ᠨᠢᠭᠡᠳᠦᠭᠡᠷ ᠹᠷᠤᠨᠲ ᠲᠤ ᠬᠦᠨᠵᠡᠭᠡᠶᠢᠷᠡᠨ ᠶᠠᠳᠠᠭᠤ ᠶᠢ ᠳᠡᠳᠭᠦᠨ ᠬᠦᠴᠢᠷᠳᠡᠭᠰᠡᠳ ᠢ ᠳᠡᠮᠵᠢᠬᠦ ᠶᠢ ᠠᠬᠢᠭᠤᠯᠵᠣ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠨᠡᠩ ᠪᠣᠳᠠᠳᠠᠢ ᠶᠢ ᠡᠷᠬᠢᠮᠯᠡᠭᠰᠡᠨ᠂ ᠶᠠᠪᠤᠴᠠ ᠶᠢ ᠨᠢ ᠨᠡᠩ ᠯᠠᠪᠳᠠᠭᠤᠨ ᠪᠠᠳᠣᠳᠠᠢ᠂ ᠦᠷ᠎ᠡ ᠳ᠋ᠦᠩ ᠢ ᠨᠢ ᠨᠡᠩ ᠦᠨᠡᠨ ᠪᠤᠳᠠᠳᠠᠢ ᠪᠣᠯᠭᠠᠬᠤ ᠬᠡᠷᠡᠭᠳᠠᠢ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠤᠯᠬᠤ ᠶᠢ ᠠᠳᠬᠤᠬᠤ ᠬᠠᠷᠢᠭᠤᠴᠠᠯᠭ᠎ᠠ ᠶᠢ ᠴᠢᠩᠭ᠋᠎ᠠ ᠨᠠᠶᠢᠳᠠᠪᠣᠷᠢᠵᠢᠭᠤᠯᠬᠤ ᠬᠡᠷᠡᠭᠳᠡᠢ᠂ ᠣᠨᠴᠠᠭᠠᠢᠢᠯᠠᠨ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ ᠭᠤᠣᠯ ᠬᠠᠷᠢᠭᠤᠴᠠᠯᠭᠠᠳᠠᠨ ᠪᠡᠶ᠎ᠡ ᠪᠠᠷ ᠢᠶᠠᠨ ᠠᠳᠬᠤᠬᠤ᠂ ᠨᠢᠭᠡ ᠱᠠᠳᠣ ᠨᠢ ᠨᠢᠭᠡ ᠱᠠᠳᠣ ᠪᠠᠨ ᠠᠳᠬᠤᠵᠤ᠂ ᠱᠠᠳᠣ ᠱᠠᠳᠣ ᠪᠠᠷ ᠨᠠᠶᠢᠳᠠᠪᠣᠷᠢᠵᠢᠭᠤᠯᠤᠯᠳᠠ ᠶᠢ ᠠᠳᠬᠤᠬᠤ ᠶᠢ ᠪᠠᠷᠢᠮᠳᠠᠯᠠᠬᠤ ᠬᠡᠷᠡᠭᠳᠡᠢ᠃ ᠬᠢᠨᠠᠨ ᠰᠢᠯᠭᠠᠬᠤ ᠶᠢᠨ ᠵᠢᠯᠤᠭᠤᠳᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠠᠯ ᠲᠠᠢ ᠬᠤᠰᠢᠭᠤ ᠰᠢᠶᠠᠨ ᠢ ᠰᠤᠯᠪᠢᠴᠠᠭᠤᠯᠣᠨ ᠬᠢᠨᠠᠨ ᠰᠢᠯᠭᠠᠬᠤ ᠪᠠ ᠭᠤᠷᠪᠠᠳᠠᠭᠴᠢ ᠡᠳᠡᠭᠡᠳ ᠢᠶᠠᠷ ᠦᠨᠡᠯᠡᠭᠦᠯᠬᠦ ᠠᠵᠢᠯ ᠢ ᠪᠦᠬᠦ ᠳᠠᠯ᠎ᠠ ᠪᠠᠷ ᠦᠷᠨᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠭᠡ ᠶᠢ ᠴᠢᠩᠭ᠋ᠠᠷᠠᠭᠤᠯᠵᠤ᠂ ᠳᠡᠷᠢᠭᠦᠨ ᠤ ᠬᠢ ᠶᠢ ᠣᠷᠮᠠᠰᠢᠭᠤᠯᠣᠨ᠂ ᠬᠤᠴᠣᠷᠣᠩᠭᠤᠢ ᠶᠢ ᠱᠠᠯᠠᠪᠳᠠᠭᠤᠯᠵᠣ᠂ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠤᠯᠬᠤ ᠠᠵᠢᠯ ᠳᠤ ᠳᠠᠰᠤᠷᠠᠯᠳᠠ ᠦᠭᠡᠢ ᠰᠢᠨ᠎ᠡ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠠᠢ ᠬᠡᠪᠡ᠃ ᠬᠤᠷᠠᠯ ᠠᠴᠠ 《ᠭᠤᠤᠯ ᠴᠤᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠳᠠ ᠳᠠᠯᠪᠢᠬᠤ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠣ ᠺᠠᠳ᠋ᠷᠴᠣᠳ ᠲᠠᠢ ᠪᠤᠯᠵᠤᠨ ᠶᠠᠷᠢᠯᠴᠠᠬᠤ ᠠᠵᠢᠯ ᠢ ᠪᠠᠶᠢᠩᠭᠤᠵᠢᠭᠤᠯᠬᠤ ᠶᠢ ᠠᠬᠢᠭᠤᠯᠬᠤ ᠲᠤᠬᠠᠢ ᠰᠠᠨᠠᠯ》 ᠢ᠋ ᠬᠢᠨᠠᠨ ᠵᠦᠪᠯᠡᠵᠦ ᠪᠠᠳᠤᠯᠠᠪᠠ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120769388