蒙古文网站Logo
ᠰᠢᠨᠬᠤᠸᠠ ᠮᠤᠩᠭ᠋ᠤᠯ ᠨᠧᠲ

ᠬᠡᠷᠡᠴᠢᠯᠡᠬᠡ ᠦᠭᠡᠢ ᠪᠡᠷ ᠡᠷᠳᠡᠨᠢ ᠰᠢᠰᠢ ᠬᠤᠳᠠᠯᠳᠤᠭᠠᠯᠠᠭᠰᠠᠨ ᠬᠡᠷᠡᠭ ᠲᠤ ᠬᠤᠯᠪᠤᠭᠳᠠᠭᠰᠠᠨ ᠸᠠᠩ ᠯᠢ ᠵᠢᠶᠦ᠋ᠨ ᠤᠯᠤᠰ ᠤᠨ ᠲᠦᠯᠦᠪᠦᠷᠢ ᠶᠢ ᠭᠤᠶᠤᠴᠢᠯᠠᠵᠤ ᠪᠤᠢ

2017-04-11 16:51

    ᠰᠢᠨᠬᠤᠧᠠ ᠬᠤᠷᠢᠶ᠎ᠠ    ᠬᠦᠬᠡᠬᠤᠲᠠ ᠶᠢᠨ 4 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ (ᠰᠤᠷᠪᠤᠵᠢᠯᠠᠭᠴᠢ ᠯᠢᠤ ᠢ ᠳ᠋ᠧ᠂ ᠸᠧᠢ ᠵᠢᠩ ᠢᠤᠢ) ᠬᠡᠷᠡᠴᠢᠯᠡᠬᠡ ᠦᠭᠡᠢ ᠪᠡᠷ ᠡᠷᠳᠡᠨᠢ ᠰᠢᠰᠢ ᠬᠤᠳᠠᠯᠳᠤᠭᠠᠯᠠᠭᠰᠠᠨ ᠢᠶᠡᠷ ᠬᠠᠤᠯᠢ ᠪᠤᠰᠤ ᠡᠵᠡᠩᠨᠡᠯᠳᠡ ᠶᠢᠨ ᠶᠠᠯ᠎ᠠ ᠤᠨᠤᠭᠠᠭᠳᠠᠵᠤ᠂ ᠬᠤᠵᠢᠮ ᠨᠢ ᠳᠠᠬᠢᠨ ᠶᠠᠯ᠎ᠠ ᠦᠭᠡᠢ ᠪᠡᠷ ᠰᠢᠬᠦᠨ ᠲᠠᠰᠤᠯᠠᠭᠤᠯᠤᠭᠰᠠᠨ ᠸᠠᠩ ᠯᠢ ᠵᠢᠶᠦ᠋ᠨ 10 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠪᠠ ᠪᠠᠶᠠᠨᠨᠠᠭᠤᠷ ᠬᠤᠲᠠ ᠶᠢᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠶᠢᠨ ᠯᠢᠨ ᠾᠧ ᠲᠤᠭᠤᠷᠢᠭ ᠳ᠋ᠡᠬᠢ ᠰᠠᠯᠪᠤᠷᠢ ᠲᠤᠪᠴᠢᠶ᠎ᠠ  ᠳᠦ 《ᠤᠯᠤᠰ ᠤᠨ ᠡᠷᠡᠭᠦᠤ ᠶᠢᠨ ᠬᠡᠷᠡᠭ ᠤᠨ ᠲᠦᠯᠦᠪᠦᠷᠢ ᠶᠢᠨ ᠭᠤᠶᠤᠴᠢᠯᠠᠯ ᠤᠨ ᠪᠢᠴᠢᠭ᠌》ᠲᠤᠰᠢᠶᠠᠵᠤ᠂ 388891.5 ᠲᠦᠭᠦᠷᠢᠭ ᠤᠨ ᠲᠦᠯᠦᠪᠦᠷᠢ ᠠᠪᠤᠨ᠎ᠠ ᠬᠡᠵᠤ ᠭᠤᠶᠤᠴᠢᠯᠠᠵᠠᠢ᠃

    《ᠤᠯᠤᠰ ᠤᠨ ᠡᠷᠡᠭᠦᠤ ᠶᠢᠨ ᠬᠡᠷᠡᠭ ᠤᠨ ᠲᠦᠯᠦᠪᠦᠷᠢ ᠤᠨ ᠭᠤᠶᠤᠴᠢᠯᠠᠯ ᠤᠨ ᠪᠢᠴᠢᠭ᠌》 ᠲᠤ ᠪᠡᠨ ᠸᠠᠩ ᠯᠢ ᠵᠢᠶᠦ᠋ᠨ ᠡᠴᠡ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠪᠠ ᠪᠠᠶᠠᠨᠨᠠᠭᠤᠷ ᠬᠤᠲᠠ ᠶᠢᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠶᠢᠨ ᠯᠢᠨ ᠾᠧ ᠲᠤᠭᠤᠷᠢᠭ ᠳ᠋ᠡᠬᠢ ᠰᠠᠯᠪᠤᠷᠢ ᠲᠤᠪᠴᠢᠶ᠎ᠠ ᠳᠤ ᠲᠤᠰ ᠪᠦᠷᠢ ᠲᠦᠯᠦᠪᠦᠷᠢ ᠶᠢᠨ ᠬᠠᠷᠢᠭᠤᠴᠠᠯᠭ᠎ᠠ ᠡᠭᠦᠷᠭᠡᠯᠡᠬᠦᠯᠬᠦ ᠢᠢ ᠭᠤᠶᠤᠴᠢᠯᠠᠭᠰᠠᠨ ᠪᠠᠶᠢᠨ᠎ᠠ᠃ ᠳᠡᠷᠡᠪᠡᠷ᠂ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠡᠴᠡ ᠲᠤᠷᠭᠠᠭᠤᠯᠢ ᠶᠢᠨ ᠬᠦᠦ ᠮᠦᠩᠭᠦ᠂ ᠨᠡᠬᠡᠮᠵᠢᠯᠠᠨ ᠬᠤᠷᠢᠶᠠᠬᠤ ᠬᠦᠦ ᠮᠦᠩᠭᠦ᠂ ᠡᠳ᠋ ᠬᠦᠷᠦᠩᠭᠡ ᠪᠠ ᠤᠶᠤᠨ ᠰᠠᠨᠠᠭᠠᠨ ᠤ ᠬᠤᠬᠢᠷᠠᠯ ᠤᠨ ᠮᠦᠩᠭᠦ ᠨᠡᠶᠢᠳᠡ 209680 ᠲᠦᠭᠦᠷᠢᠭ ᠤᠨ ᠲᠦᠯᠦᠪᠦᠷᠢ ᠠᠪᠬᠤ ᠪᠡᠷ ᠭᠤᠶᠤᠴᠢᠯᠠᠭᠰᠠᠨ ᠪᠠᠶᠢᠨ᠎ᠠ᠃ ᠪᠠᠶᠠᠨᠨᠠᠭᠤᠷ ᠬᠤᠲᠠ ᠶᠢᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠶᠢᠨ ᠯᠢᠨ ᠾᠧ ᠲᠤᠭᠤᠷᠢᠭ ᠳ᠋ᠡᠬᠢ ᠰᠠᠯᠪᠤᠷᠢ ᠲᠤᠪᠴᠢᠶ᠎ᠠ ᠡᠴᠡ ᠬᠠᠤᠯᠢ ᠪᠤᠰᠤ ᠪᠡᠷ ᠲᠦᠷ ᠬᠤᠷᠢᠬᠰᠠᠨ᠂ ᠤᠶᠤᠨ ᠰᠠᠨᠠᠭᠠᠨ ᠤ ᠲᠤᠬᠤᠨᠢᠭᠤᠯᠭ᠎ᠠ᠂ ᠡᠳ᠋ ᠬᠦᠷᠦᠩᠭᠡ  ᠶᠢᠨ ᠬᠤᠬᠢᠷᠠᠯ ᠤᠨ ᠮᠦᠩᠭᠦ ᠨᠡᠶᠢᠳᠡ 179211.5 ᠲᠦᠭᠦᠷᠢᠭ ᠤᠨ ᠲᠦᠯᠦᠪᠦᠷᠢ ᠠᠪᠬᠤ ᠪᠡᠷ ᠭᠤᠶᠤᠴᠢᠯᠠᠭᠰᠠᠨ ᠪᠠᠶᠢᠨ᠎ᠠ᠃ ᠡᠭᠦᠨ ᠤ ᠬᠠᠮᠲᠤ᠂ ᠲᠡᠷᠡ ᠪᠠᠰᠠ ᠭᠤᠶᠤᠴᠢᠯᠠᠯ ᠤᠨ ᠪᠢᠴᠢᠭ᠌ ᠲᠦ ᠪᠠᠨ᠂ ᠳᠡᠭᠡᠷᠡᠬᠢ ᠬᠤᠶᠠᠷ ᠠᠯᠪᠠᠨ ᠪᠠᠶᠢᠭᠤᠯᠤᠯᠭ᠎ᠠ ᠨᠢ ᠬᠡᠪᠯᠡᠯ ᠮᠡᠳᠡᠬᠡᠯᠡᠯ  ᠢᠶᠡᠷ ᠳᠠᠮᠵᠢᠭᠤᠯᠤᠨ ᠢᠯᠡ ᠪᠡᠷ ᠪᠤᠷᠤᠭᠤ ᠬᠦᠯᠢᠶᠡᠵᠤ᠂ ᠨᠡᠷ᠎ᠡ ᠲᠦᠷᠦ ᠢᠢ ᠨᠢ ᠰᠡᠷᠭᠦᠭᠡᠨ᠂ ᠰᠦᠬᠡᠷᠬᠦ ᠨᠦᠯᠦᠭᠡ ᠢᠢ ᠠᠷᠢᠯᠭᠠᠵᠤ ᠦᠭᠬᠦ ᠬᠡᠷᠡᠭᠲᠠᠢ ᠭᠡᠵᠦ ᠳᠤᠷᠠᠳᠴᠠᠢ᠃

    ᠸᠠᠩ ᠯᠢ ᠵᠢᠶᠦ᠋ᠨ ᠤ ᠬᠠᠤᠯᠢᠴᠢ ᠸᠠᠩ ᠳ᠋ᠢᠶᠠᠨ ᠰᠢᠤᠧᠠᠢ ᠡᠴᠡ ᠤᠳᠤᠬᠠᠨ ᠤ ᠤᠯᠤᠰ ᠤᠨ ᠲᠦᠯᠦᠪᠦᠷᠢ ᠶᠢᠨ ᠬᠠᠤᠯᠢ ᠵᠢᠴᠢ ᠬᠠᠤᠯᠢ ᠬᠡᠷᠡᠭᠵᠢᠭᠦᠯᠭᠦ ᠲᠠᠶᠢᠯᠪᠤᠷᠢᠯᠠᠯᠲᠠ ᠢᠢ ᠦᠨᠳᠦᠰᠦᠯᠡᠪᠡᠯ᠂ ᠪᠠᠶᠠᠨᠨᠠᠭᠤᠷ ᠬᠤᠲᠠ ᠶᠢᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠶᠢᠨ ᠯᠢᠨ ᠾᠧ ᠲᠤᠭᠤᠷᠢᠭ ᠳ᠋ᠡᠬᠢ ᠰᠠᠯᠪᠤᠷᠢ ᠲᠤᠪᠴᠢᠶ᠎ᠠ ᠨᠢ ᠸᠠᠩ ᠯᠢ ᠵᠢᠶᠦ᠋ᠨ ᠤ ᠪᠡᠶ᠎ᠡ ᠶᠢᠨ ᠡᠷᠬᠡ ᠴᠢᠯᠦᠭᠡᠨ ᠳᠦ ᠬᠠᠯᠳᠠᠵᠤ᠂ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢ ᠸᠠᠩ ᠯᠢ ᠵᠢᠶᠦ᠋ᠨ ᠤ ᠡᠳ᠋ ᠬᠦᠷᠦᠩᠭᠡ ᠶᠢᠨ ᠡᠷᠬᠡ ᠳᠦ ᠬᠠᠯᠳᠠᠭᠰᠠᠨ ᠤᠴᠢᠷ ᠡᠴᠡ ᠲᠦᠯᠦᠪᠦᠷᠢ ᠶᠢᠨ ᠬᠠᠷᠢᠭᠤᠴᠠᠯᠭ᠎ᠠ ᠢᠢ ᠲᠤᠰ ᠲᠤᠰ ᠲᠦ ᠨᠢ ᠭᠤᠶᠤᠴᠢᠯᠠᠬᠤ ᠨᠢ ᠵᠦᠢᠳᠡᠢ ᠭᠡᠵᠠᠢ᠃

    ᠯᠢᠨ ᠾᠧ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ 7 ᠡᠳᠦᠷ ᠤᠨ ᠳᠤᠲᠤᠷ᠎ᠠ ᠠᠯᠪᠠᠨ ᠶᠤᠰᠤ ᠪᠡᠷ ᠲᠠᠩᠰᠠᠯᠠᠬᠤ ᠡᠰᠡᠬᠦ ᠪᠠᠨ ᠲᠤᠭᠲᠠᠭᠠᠬᠤ ᠪᠡᠷ ᠪᠠᠶᠢᠨ᠎ᠠ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ )

ᠢᠷᠡᠯᠳᠡ᠄ ᠰᠢᠨᠬᠤᠧᠠ ᠬᠤᠷᠢᠶ᠎ᠠ  ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120787974