蒙古文网站Logo
ᠰᠢᠨᠬᠤᠸᠠ ᠮᠤᠩᠭ᠋ᠤᠯ ᠨᠧᠲ

《ᠨᠢᠭᠡ ᠤᠯᠤᠰ ᠬᠤᠶᠠᠷ ᠪᠠᠢᠢᠭᠤᠯᠤᠯ》 ᠤᠨ ᠡᠷᠡᠰ ᠪᠠᠲᠤ ᠬᠡᠷᠡᠭᠵᠢᠬᠦᠯᠦᠭᠴᠢ ᠪᠤᠯᠰᠤᠭᠠᠢ

2017-04-12 15:46

    ᠠᠷᠠᠳ ᠤᠨ ᠡᠲᠦᠷ ᠤᠨ ᠰᠤᠨᠢᠨ ᠤ ᠰᠢᠬᠦᠮᠵᠢᠯᠡᠭᠴᠢ

    4 ᠰᠠᠷ᠎ᠠ ᠶᠢᠨ 11 ᠤ ᠡᠳᠤᠷ᠂ ᠰᠢᠶᠠᠩᠭ᠋ᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠲᠤᠰᠢᠶᠠᠯ ᠬᠦᠯᠢᠶᠡᠵᠥ ᠪᠠᠶᠢᠭ᠎ᠠ ᠵᠠᠰᠠᠭ ᠵᠠᠬᠢᠷᠭᠠᠨ ᠤ ᠲᠠᠷᠤᠭ᠎ᠠ ᠯᠢᠨ ᠵᠧᠩ ᠶᠤᠸᠠᠢ ᠧ ᠲᠦᠪ ᠤᠨ ᠵᠠᠰᠠᠭ ᠤᠨ ᠤᠷᠳᠤᠨ ᠤ ᠲᠤᠮᠢᠯᠠᠯᠳᠠ ᠶᠢ ᠬᠦᠯᠢᠶᠡᠪᠡ᠂ ᠲᠦᠪ ᠤᠨ ᠤᠳᠤᠷᠢᠳᠤᠯᠭ᠎ᠠ ᠯᠢᠨ ᠵᠧᠩ ᠶᠤᠸᠠᠢ ᠡᠸ ᠪᠤᠯᠤᠨ ᠰᠢᠨ᠎ᠡ ᠨᠢᠬᠡ ᠬᠤᠭᠤᠴᠠᠭᠠᠨ ᠤ ᠤᠨᠴᠠᠭᠠᠢ ᠤᠷᠤᠨ ᠤ ᠵᠠᠰᠠᠭ ᠤᠨ ᠤᠷᠳᠤᠨ ᠳᠤ ᠨᠠᠨᠳᠢᠨ ᠬᠦᠰᠡᠯ ᠡᠷᠡᠮᠡᠯᠵᠡᠯ ᠲᠤᠷᠠᠳᠴᠦ᠂ ᠤᠳᠠᠯ ᠦᠭᠡᠢ 20 ᠵᠢᠯ ᠤᠨ ᠤᠢ ᠪᠠᠨ ᠤᠬᠳᠤᠬᠤ ᠪᠠᠷ ᠪᠠᠶᠢᠭ᠎ᠠ ᠰᠢᠶᠠᠩᠭ᠋ᠠᠩ ᠤᠨᠴᠠᠭᠠᠢ ᠵᠠᠰᠠᠭ ᠵᠠᠬᠢᠷᠭᠠᠨ ᠤ ᠤᠷᠤᠨ ᠳᠤ ᠰᠠᠶᠢᠨ ᠰᠠᠶᠢᠬᠠᠨ ᠠᠯᠤᠰ ᠢᠷᠡᠭᠡᠳᠤᠢ ᠶᠢ ᠵᠢᠷᠤᠭᠯᠠᠵᠥ ᠦᠭᠴᠠᠢ᠃   

    ᠡᠬᠦᠨ ᠠᠴᠠ ᠡᠮᠤᠨ᠎ᠡ ᠲᠡᠬᠦᠰᠦᠭᠰᠡᠡ ᠰᠢᠶᠠᠩᠭ᠋ᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠲᠠᠪᠤᠳᠠᠬᠢ ᠵᠠᠰᠠᠭ ᠵᠠᠬᠢᠷᠭᠠᠨ ᠤ ᠲᠠᠷᠤᠭ᠎ᠠ ᠶᠢᠨ ᠰᠤᠩᠭ᠋ᠤᠭᠤᠯᠢ ᠨᠢ ᠰᠢᠶᠠᠩᠭ᠋ᠠᠩ ᠤᠨ ᠦᠨᠳᠦᠰᠦ ᠪᠤᠯᠬᠤ ᠬᠠᠤᠯᠢ᠂ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶᠠᠨ ᠤ ᠬᠠᠮᠢᠶ᠎ᠠ ᠪᠦᠬᠦᠢ ᠲᠤᠭᠳᠠᠭᠠᠯ ᠪᠤᠯᠤᠨ ᠰᠢᠶᠠᠩᠭ᠋ᠠᠩ ᠤᠨᠴᠠᠭᠠᠢ ᠤᠷᠤᠨ ᠤ ᠬᠠᠮᠢᠶ᠎ᠠ ᠪᠦᠬᠦᠢ ᠰᠤᠩᠭ᠋ᠤᠭᠤᠯᠢ ᠶᠢᠨ ᠬᠠᠤᠯᠢ ᠴᠠᠭᠠᠵᠠ ᠶᠢ ᠴᠢᠩᠭ᠋᠎ᠠ ᠵᠢᠷᠤᠮᠯᠠᠨ ᠶᠠᠪᠤᠭᠳᠠᠭᠤᠯᠵᠥ᠂ ᠯᠢᠨ ᠵᠧᠩ ᠶᠤᠸᠠᠢ ᠡᠸ ᠠᠪᠠᠭ᠋ᠠᠢ ᠲᠦᠪ ᠤᠨ ᠵᠠᠰᠠᠭ ᠵᠠᠬᠢᠷᠭᠠᠨ ᠤ ᠲᠠᠷᠤᠭ᠎ᠠ ᠶᠢᠨ ᠲᠤᠬᠠᠢ ᠢᠮᠠᠬᠳᠠ ᠶᠢᠨ ᠪᠠᠷᠢᠮᠵᠢᠶ᠎ᠠ ᠳᠤ ᠨᠡᠶᠢᠴᠡᠵᠥ᠂ ᠤᠯᠤᠰ ᠢᠶᠠᠨ ᠬᠠᠶᠢᠷᠠᠯᠠᠬᠤ ᠵᠤᠭᠰᠤᠯᠳᠠ ᠪᠠᠳᠤ᠂ ᠲᠤᠷᠰᠢᠯᠭ᠎ᠠ ᠲᠠᠢ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ ᠪᠠᠶᠢᠵᠥ᠂ ᠬᠦᠨᠳᠤ ᠨᠡᠶᠢᠳᠡᠯᠭ᠎ᠠ ᠶᠢ ᠬᠦᠰᠡᠷᠳᠡᠬᠦᠯᠥᠯ ᠦᠭᠡᠢ ᠪᠠᠷ ᠠᠮᠵᠢᠯᠳᠠ ᠲᠠᠢ ᠰᠤᠩᠭ᠋ᠤᠭᠲᠠᠭᠰᠠᠨ ᠪᠠᠶᠢᠨ᠎ᠠ᠃ ᠲᠦᠪ ᠤᠨ ᠵᠠᠰᠠᠭ ᠤᠨ ᠤᠷᠳᠤᠨ ᠬᠠᠤᠯᠢ ᠶᠤᠰᠤᠭᠠᠷ ᠬᠠᠮᠢᠶ᠎ᠠ ᠪᠦᠬᠦᠢ ᠲᠤᠮᠢᠯᠠᠬᠤ ᠲᠡᠰ ᠲᠠᠷᠠᠭᠠᠯᠠᠯ ᠢ ᠬᠦᠢᠴᠡᠳᠭᠡᠵᠥ᠂ ᠡᠷᠬᠡ ᠪᠠᠨ ᠬᠦᠢᠴᠡᠳᠭᠡᠭ᠍ᠰᠡᠡ ᠪᠦᠭᠡᠳ ᠦᠨᠳᠦᠰᠦᠨ ᠬᠠᠤᠯᠢ ᠳᠤ ᠲᠤᠭᠳᠠᠭᠠᠭᠰᠠᠠ ᠬᠠᠷᠢᠭᠤᠴᠠᠯᠭ᠎ᠠ ᠪᠠᠨ ᠬᠦᠢᠴᠡᠳᠭᠡᠭ᠍ᠰᠡᠡ ᠪᠠᠶᠢᠨ᠎ᠠ᠃   

    ᠯᠢᠨ ᠵᠧᠩ ᠶᠤᠸᠠᠢ ᠡᠸ ᠲᠤᠮᠢᠯᠠᠯᠳᠡ ᠶᠢ ᠬᠦᠯᠢᠶᠡᠭᠰᠡᠡ ᠨᠢ ᠬᠦᠨᠳᠤ ᠬᠠᠷᠢᠭᠤᠴᠠᠯᠭ᠎ᠠ ᠶᠢ ᠬᠦᠯᠢᠶᠡᠨ ᠠᠪᠤᠭᠰᠠᠠ ᠭᠡᠳᠡᠭ ᠢ ᠬᠠᠷᠠᠭᠤᠯᠵᠥ ᠪᠠᠶᠢᠨ᠎ᠠ᠃ ᠰᠢᠶᠠᠩᠭ᠋ᠠᠩ ᠡᠬᠡ ᠤᠯᠤᠰ ᠲᠠᠭᠠᠨ ᠪᠤᠴᠠᠭᠰᠠᠠ 20 ᠵᠢᠯ ᠤᠨ ᠲᠤᠷᠰᠢ᠂ᠨᠢᠬᠡ ᠤᠯᠤᠰ ᠬᠤᠶᠠᠷ ᠪᠠᠶᠢᠭᠤᠯᠤᠯ》  ᠤ᠋ᠨ ᠦᠢᠯᠡᠳᠦᠯᠬᠡ ᠲᠠᠶᠠᠩ ᠲᠡᠯᠡᠬᠡᠢ ᠳᠤ ᠮᠡᠳᠡᠷᠡᠭᠳᠡᠭᠰᠡᠡ ᠠᠮᠵᠢᠯᠳᠠ ᠤᠯᠵᠥ᠂ ᠰᠢᠶᠠᠩᠭ᠋ᠠᠩ  ᠤᠨ ᠬᠢᠨ ᠬᠦᠭ᠍ᠵᠢᠯ ᠴᠡᠴᠡᠭᠯᠡᠯ ᠲᠤᠭᠳᠠᠭᠤᠨ ᠢᠶᠠᠨ ᠪᠠᠳᠤᠯᠠᠵᠥ᠂ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠲᠠᠪᠰᠢᠵᠠᠢ᠃ ᠬᠡᠪᠡᠴᠦ ᠡᠷᠡᠬᠡᠯᠡᠯ ᠦᠭᠡᠢ ᠬᠡᠯᠡᠪᠡᠯ᠂ ᠤᠷᠢᠳ ᠡᠮᠤᠨ᠎ᠡ ᠪᠠᠶᠢᠭ᠎ᠠ ᠦᠭᠡᠢ ᠦᠢᠯᠡᠰ ᠪᠤᠯᠤᠭᠰᠠᠠ ᠤ ᠬᠤᠪᠢ ᠳᠤ᠂ ᠨᠢᠬᠡ ᠤᠯᠤᠰ ᠬᠤᠶᠠᠷ ᠪᠠᠶᠢᠭᠤᠯᠤᠯ》  ᠤ᠋ᠨ ᠰᠢᠶᠠᠩᠭ᠋ᠠᠩ ᠳᠠᠬᠢ ᠦᠢᠯᠡᠳᠦᠯᠬᠡ ᠳᠤ ᠴᠦ ᠮᠠᠰᠢ ᠤᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠲᠤᠯᠭᠠᠷᠠᠭᠰᠠᠠ ᠪᠠᠶᠢᠨ᠎ᠠ᠃ ᠤᠳᠤᠬᠠᠨ ᠳᠤ᠂ ᠰᠢᠶᠠᠩᠭ᠋ᠠᠩ ᠶᠠᠭ ᠬᠦᠭ᠍ᠵᠢᠯᠳᠡ ᠶᠢᠨ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠥ᠂ ᠦᠷᠢᠰᠦᠯᠳᠦᠬᠡᠨ ᠪᠤᠯᠤᠨ ᠠᠵᠠ ᠲᠤᠬᠢᠶᠠᠯ ᠵᠡᠷᠬᠡᠪᠡᠷ ᠤᠷᠤᠰᠢᠵᠥ᠂ ᠠᠶᠤᠯ ᠲᠦᠭᠰᠢᠬᠦᠷᠢ ᠪᠤᠯᠤᠨ ᠬᠦᠰᠡᠯ ᠡᠷᠡᠮᠡᠯᠵᠡᠯ ᠪᠦᠷ ᠪᠠᠶᠢᠨ᠎ᠠ᠃ ᠰᠢᠨ᠎ᠡ ᠪᠠᠷ ᠲᠤᠰᠢᠶᠠᠯ ᠳᠤ ᠭᠠᠷᠤᠭᠰᠠᠠ ᠵᠠᠰᠠᠭ ᠵᠠᠬᠢᠷᠭᠠᠨ ᠤ ᠲᠠᠷᠤᠭ᠎ᠠ ᠶᠢᠨ ᠬᠠᠷᠢᠭᠤᠴᠠᠯᠭ᠎ᠠ ᠬᠦᠨᠳᠤ᠂ ᠡᠬᠦᠷᠬᠡ ᠦᠩᠬᠡ ᠬᠡᠷᠡᠯᠳᠡᠢ ᠶᠤᠮ᠂ ᠤᠶᠤᠨ ᠤᠬᠠᠭᠠᠨ ᠪᠤᠯᠤᠨ ᠰᠦᠰᠦ ᠵᠤᠷᠢᠭ ᠲᠠᠢ ᠪᠠᠶᠢᠬᠤ  ᠴᠢᠬᠤᠯᠠᠳᠠᠢ᠂ ᠨᠡᠩ ᠴᠦ ᠠᠭᠤᠳᠠᠮᠴᠢ ᠪᠠᠭᠳᠠᠭᠠᠮᠵᠢᠳᠠᠢ ᠪᠦᠭᠡᠳ ᠬᠠᠷᠢᠭᠤᠴᠠᠯᠭ᠎ᠠ ᠡᠬᠦᠷᠬᠡᠯᠡᠬᠦ ᠵᠤᠷᠢᠭ ᠲᠠᠢ ᠪᠠᠶᠢᠬᠤ  ᠴᠢᠬᠤᠯᠠᠳᠠᠢ ᠶᠤᠮ᠃     

    ᠤᠨᠴᠠᠭᠠᠢ ᠵᠠᠰᠠᠭ ᠵᠠᠬᠢᠷᠭᠠᠨ ᠤ ᠤᠷᠤᠨ ᠪᠤᠯᠤᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠤᠨ ᠤᠷᠳᠤᠨ ᠤᠬᠤᠤᠰ ᠳᠠᠷᠤᠭ᠎ᠠᠪᠤᠯᠤᠭᠰᠠᠨ ᠤ ᠬᠤᠪᠢ ᠳᠤ᠂ ᠵᠠᠰᠠᠭ ᠵᠠᠬᠢᠷᠭᠠᠨ ᠤ ᠳᠠᠷᠤᠭ᠎ᠠ ᠪᠤᠯ ᠰᠢᠶᠠᠩᠭ᠋ᠠᠩ ᠤᠨᠨᠢᠭᠡ ᠤᠯᠤᠰ ᠬᠤᠶᠠᠷ ᠪᠠᠶᠢᠭᠤᠯᠤᠯ》  ᠤ᠋ᠨ ᠴᠢᠭᠯᠡᠯᠲᠡ ᠲᠦᠷᠦ ᠶᠢᠨ ᠪᠤᠳᠤᠯᠭ᠎ᠠ ᠪᠤᠯᠤᠨ ᠦᠨᠳᠦᠰᠦ ᠪᠤᠯᠬᠤ ᠬᠠᠤᠯᠢ ᠶᠢ ᠨᠠᠶᠢᠳᠠᠪᠤᠷᠢᠵᠢᠭᠤᠯᠬᠤ ᠶᠢᠨ ᠨᠢᠭᠡᠳᠦᠭᠡᠷ ᠬᠠᠷᠢᠭᠤᠴᠠᠯᠭᠠᠲᠠᠨ ᠪᠤᠯᠤᠨ᠎ᠠ᠂ᠨᠢᠭᠡ ᠤᠯᠤᠰ ᠬᠤᠶᠠᠷ ᠪᠠᠶᠢᠭᠤᠯᠤᠯ》 ᠋ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠦᠪ ᠤᠨᠤᠪᠴᠢᠲᠠᠢ ᠤᠢᠢᠯᠠᠭᠠᠨ ᠲᠤᠤᠱᠯᠠᠭᠤᠯᠵᠤ᠂ ᠨᠢᠭᠡ ᠤᠯᠤᠰ ᠪᠠᠶᠢᠬᠤ ᠵᠠᠷᠴᠢᠮ ᠢ ᠪᠠᠷᠢᠮᠲᠠᠯᠠᠬᠤ ᠪᠤᠯᠤᠨ ᠬᠤᠶᠠᠷ ᠪᠠᠶᠢᠭᠤᠯᠤᠯ ᠤᠨ ᠵᠦᠷᠢᠶ᠎ᠠ ᠶᠢ ᠭᠦᠨᠳᠦᠳᠭᠡᠬᠦ ᠶᠢᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠤ᠂ ᠲᠦᠪ ᠤᠨ ᠡᠷᠬᠡ ᠶᠢ ᠬᠠᠮᠠᠭᠠᠯᠠᠬᠤ ᠪᠤᠯᠤᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠳᠡᠭᠡᠳᠦ ᠬᠡᠮᠵᠢᠶ᠎ᠠ ᠪᠠᠷ ᠦᠪᠡᠷᠲᠡᠭᠡᠨ ᠵᠠᠰᠠᠬᠤ ᠶᠢ ᠪᠠᠲᠤᠯᠠᠬᠤ ᠶᠢᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠦᠭ᠍ᠵᠢᠯᠲᠠ ᠶᠢᠨ ᠠᠰᠢᠭ ᠲᠤᠰᠠ ᠪᠤᠯᠤᠨ ᠰᠢᠶᠠᠩᠭ᠋ᠠᠩ ᠤᠨ ᠬᠦᠭ᠍ᠵᠢᠯ ᠴᠡᠴᠡᠭᠯᠡᠯ ᠲᠤᠭᠳᠠᠭᠤᠨ ᠤ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠤ᠂ ᠶᠠᠮᠠᠷᠪᠠ ᠦᠶ᠎ᠠ ᠳᠤ ᠴᠤ ᠤᠮᠳᠤᠭᠠᠢᠢᠯᠠᠵᠤ ᠪᠤᠯᠬᠤ ᠦᠭᠡᠢ᠃ ᠵᠠᠰᠠᠭ ᠵᠠᠬᠢᠷᠭᠠᠨ ᠤ ᠳᠠᠷᠤᠭ᠎ᠠᠨᠢᠭᠡ ᠤᠯᠤᠰ ᠬᠤᠶᠠᠷ ᠪᠠᠶᠢᠭᠤᠯᠤᠯ》  ᠤ᠋ᠨ ᠡᠷᠡᠰ ᠪᠠᠳᠤ ᠬᠡᠷᠡᠭᠵᠢᠬᠦᠯᠥᠭᠴᠢ ᠪᠤᠯᠵᠥ᠂ ᠦᠨᠳᠦᠰᠦᠨ ᠬᠠᠤᠯᠢ ᠪᠤᠯᠤᠨ ᠦᠨᠳᠦᠰᠦ ᠪᠤᠯᠬᠤ ᠬᠠᠤᠯᠢ ᠶᠢᠨ ᠡᠷᠡᠰ ᠬᠠᠮᠠᠭᠠᠯᠠᠭᠴᠢ ᠪᠤᠯᠵᠤ᠂ ᠬᠠᠤᠯᠢᠵᠢᠯ ᠤᠨ ᠡᠷᠡᠰ ᠬᠠᠮᠠᠭᠠᠯᠠᠭᠴᠢ ᠪᠤᠯᠬᠤ ᠬᠡᠷᠡᠭᠲᠡᠢ᠃     

    ᠠᠵᠤ ᠠᠬᠤᠢ ᠶᠢ ᠬᠦᠭ᠍ᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠤᠯ ᠰᠢᠶᠠᠩᠭ᠋ᠠᠩ ᠤᠨ ᠦᠷᠭᠡᠨ ᠤᠯᠠᠨ ᠠᠷᠠᠳ ᠲᠦᠮᠡᠨ ᠤ ᠬᠠᠮᠲᠦ ᠶᠢᠨ ᠬᠦᠰᠡᠯ ᠡᠷᠡᠮᠡᠯᠵᠡᠯ ᠪᠤᠯᠤᠨ᠎ᠠ᠂ ᠮᠦᠨᠴᠤ ᠰᠢᠶᠠᠩᠭ᠋ᠠᠩ ᠤᠨᠴᠠᠭᠠᠢ ᠵᠠᠰᠠᠭ ᠵᠠᠬᠢᠷᠭᠠᠨ ᠤ  ᠤᠷᠤᠨ ᠤ ᠨᠡᠶᠢᠭᠡᠮ ᠤᠨ ᠵᠦᠷᠢᠴᠡᠯ ᠢ ᠰᠢᠢᠳᠪᠦᠷᠢᠯᠡᠬᠦ᠂ ᠶᠡᠭᠡ ᠲᠠᠯ᠎ᠠ ᠶᠢᠨ ᠲᠤᠭᠳᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠰᠠᠭᠤᠷᠢ ᠪᠤᠯᠤᠨ᠎ᠠ᠃ ᠵᠠᠰᠠᠭ ᠵᠠᠬᠢᠷᠭᠠᠨ ᠤ ᠳᠠᠷᠤᠭ᠎ᠠ ᠬᠦᠭ᠍ᠵᠢᠯᠲᠠ ᠶᠢᠨ ᠡᠷᠡᠰ ᠳᠠᠭᠠᠭᠤᠯᠤᠭᠴᠢ ᠪᠤᠯᠵᠤ᠂ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠤᠨ ᠤᠷᠳᠤᠨ ᠪᠤᠯᠤᠨ ᠨᠡᠶᠢᠭᠡᠮ ᠤᠨ ᠡᠯ᠎ᠠ ᠡᠲᠡᠭᠡᠳ ᠤᠨ ᠤᠯᠠᠨ ᠢᠶᠠᠷ ᠢᠶᠠᠨ ᠠᠷᠭ᠎ᠠ  ᠪᠤᠳᠤᠯᠭ᠎ᠠ ᠰᠦᠪᠡᠭ᠍ᠴᠢᠯᠡᠨ ᠨᠡᠶᠢᠲᠡ ᠪᠠᠷ ᠢᠶᠠᠨ ᠬᠦᠴᠦ ᠭᠠᠷᠭᠠᠬᠤ ᠶᠢ ᠳᠠᠶᠢᠴᠢᠯᠠᠵᠤ ᠪᠠᠶᠢᠭᠠᠳ ᠠᠵᠤ ᠠᠬᠤᠢ ᠪᠠ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠤ᠂ ᠰᠢᠶᠠᠩᠭ᠋ᠠᠩ ᠤᠨ ᠠᠯᠤᠰ ᠬᠡᠳᠦ ᠶᠢᠨ ᠬᠦᠭ᠍ᠵᠢᠯᠲᠠ ᠶᠢᠨ ᠶᠡᠭᠡ ᠪᠤᠳᠤᠯᠭ᠎ᠠ ᠶᠢ ᠬᠠᠮᠲᠦᠪᠡᠷ ᠰᠦᠪᠡᠭ᠍ᠴᠢᠯᠡᠬᠦ ᠬᠡᠷᠡᠭᠲᠡᠢᠪᠦᠯᠬᠦᠮᠳᠡᠡ ᠨᠢᠬᠲᠠᠷᠠᠵᠤ ᠪᠠᠭᠲᠠᠭᠠᠮᠵᠢᠲᠠᠢ ᠪᠠᠶᠢᠵᠤ᠂ ᠰᠠᠯᠵᠤ ᠬᠠᠭᠠᠴᠠᠬᠤ ᠶᠢ ᠰᠡᠷᠭᠡᠶᠢᠯᠡᠵᠤ᠂ ᠳᠤᠳᠤᠭᠠᠳᠦ ᠬᠤᠷᠤᠭᠳᠠᠯ ᠢ ᠪᠠᠭᠠᠰᠬᠠᠵᠤ᠂ ᠨᠡᠶᠢᠭᠡᠮ ᠤᠨ ᠵᠦᠷᠢᠴᠡᠯ ᠢ ᠨᠠᠮᠳᠠᠭᠤᠯᠤᠨ ᠰᠢᠢᠳᠪᠦᠷᠢᠯᠡᠬᠦ ᠬᠡᠷᠡᠭᠲᠡᠢᠠᠵᠠ ᠳᠤᠬᠢᠶᠠᠯ ᠢ ᠠᠮᠵᠢᠵᠥ᠂ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠬᠦᠭ᠍ᠵᠢᠯᠲᠠ ᠶᠢᠨ ᠪᠠᠶᠢᠯᠳᠤᠬᠤ ᠪᠤᠳᠤᠯᠭ᠎ᠠ ᠲᠠᠢ ᠰᠠᠨᠠᠭᠠᠴᠢᠯᠭ᠎ᠠ ᠠᠴᠠ ᠪᠠᠨ ᠵᠤᠯᠭᠠᠭᠤᠯᠵᠥ᠂ᠤᠯᠤᠰ ᠤᠨ ᠬᠡᠷᠡᠭᠴᠡᠭᠡ᠂ ᠰᠢᠶᠠᠩᠭ᠋ᠠᠩ ᠤᠨ ᠳᠠᠪᠠᠭᠤᠯᠢᠭ》 ᠤ᠋ᠨ ᠠᠭᠤᠯᠵᠠᠷ ᠴᠡᠭ ᠳᠡᠭᠡᠷ᠎ᠠ ᠢᠳᠡᠪᠬᠢᠲᠠᠢ ᠠᠵᠢᠯᠯᠠᠵᠤ᠂ ᠦᠨᠡᠨ ᠪᠤᠳᠠᠳᠠᠢ ᠠᠵᠢᠯ ᠤᠨ ᠬᠢᠷᠢ ᠪᠦᠲᠦᠮᠵᠢ ᠪᠠᠷ ᠢᠶᠠᠨ ᠰᠡᠳᠭᠢᠯ ᠢ ᠨᠢᠬᠲᠠᠷᠠᠭᠤᠯᠤᠨ ᠬᠦᠴᠦᠨ ᠢ ᠬᠠᠮᠲᠤᠳᠬᠠᠬᠤ ᠬᠡᠷᠡᠭᠲᠡᠢ᠃     

    ᠦᠩᠭᠡᠷᠡᠭᠰᠡᠨ ᠬᠤᠷᠢᠨ ᠵᠢᠯ ᠢ ᠡᠷᠭᠢᠴᠡᠭᠦᠯᠬᠦᠶ᠎ᠠ᠂ ᠰᠢᠶᠠᠩᠭ᠋ᠠᠩ ᠰᠠᠯᠬᠢ ᠪᠤᠷᠤᠭᠠᠨ ᠢ ᠰᠦ᠋ᠷᠦᠨ ᠰᠢᠷᠭᠠᠭᠤ ᠲᠡᠮᠡᠴᠡᠬᠦ ᠳᠤ ᠡᠬᠡ ᠤᠯᠤᠰ ᠤᠨ ᠳᠤᠳᠤᠷ᠎ᠠ ᠭᠠᠵᠠᠷ ᠢᠮᠠᠭᠲᠠ ᠡᠷᠡᠰ ᠪᠠᠲᠦ ᠦᠮᠦᠭ ᠲᠦᠰᠢᠭ ᠪᠤᠯᠤᠭᠰᠠᠭᠠᠷ ᠢᠷᠡᠵᠠᠢ᠃ ᠲᠦᠪ ᠤᠨ  ᠵᠠᠰᠠᠭ ᠤᠨ ᠤᠷᠳᠤᠨ ᠠᠴᠠ ᠵᠠᠰᠠᠭ ᠵᠠᠬᠢᠷᠭᠠᠨ ᠤ ᠳᠠᠷᠤᠭ᠎ᠠ ᠪᠤᠯᠤᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠤᠨ ᠤᠷᠳᠤᠨ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠢᠮᠠᠭᠲᠠ ᠳᠡᠮᠵᠢᠨ᠎ᠠ᠂ ᠰᠢᠨ᠎ᠠ ᠪᠠᠷ ᠲᠤᠰᠢᠶᠠᠯ ᠳᠤ ᠭᠠᠷᠤᠭᠰᠠᠨ ᠵᠠᠰᠠᠭ ᠵᠠᠬᠢᠷᠭᠠᠨ ᠤ ᠳᠠᠷᠤᠭ᠎ᠠ ᠦᠷᠭᠡᠨ ᠤᠯᠠᠨ ᠰᠢᠶᠠᠩᠭ᠋ᠠᠩ ᠤᠨ ᠠᠬ᠎ᠠ ᠳᠡᠭᠦᠦ ᠨᠠᠷ ᠲᠤ ᠲᠦᠰᠢᠭᠯᠡᠨ᠂ᠨᠢᠭᠡ ᠤᠯᠤᠰ ᠬᠤᠶᠠᠷ ᠪᠠᠶᠢᠭᠤᠯᠤᠯ》 ᠋ ᠤ᠋ᠨ ᠴᠢᠭᠯᠡᠯᠲᠡ ᠪᠤᠯᠤᠨ ᠦᠨᠳᠦᠰᠦ ᠪᠤᠯᠬᠤ ᠬᠠᠤᠯᠢ ᠶᠢ ᠪᠦᠬᠦ ᠲᠠᠯ᠎ᠠ ᠪᠠᠷ ᠵᠦᠪ ᠤᠨᠤᠪᠴᠢᠲᠠᠢ ᠲᠤᠤᠱᠯᠠᠭᠤᠯᠵᠤ᠂ ᠡᠬᠡ ᠤᠯᠤᠰ ᠤᠨ ᠳᠤᠳᠤᠷ᠎ᠠ ᠭᠠᠵᠠᠷ ᠤᠨ ᠡᠷᠡᠰ ᠪᠠᠲᠦ ᠦᠮᠦᠭ ᠲᠦᠰᠢᠭ ᠪᠤᠯᠬᠤ ᠦᠢᠯᠡᠳᠦᠯ ᠢ ᠪᠠᠳᠠᠷᠠᠭᠤᠯᠬᠤ ᠪᠤᠯᠤᠨ ᠰᠢᠶᠠᠩᠭ᠋ᠠᠩ ᠤᠨ ᠲᠤᠰ ᠪᠡᠶ᠎ᠠ ᠶᠢᠨ ᠦᠷᠢᠰᠦᠯᠳᠦᠬᠦ ᠬᠦᠴᠦᠨ ᠢ ᠳᠡᠭᠡᠭ᠍ᠰᠢᠯᠡᠭᠦᠯᠬᠦ ᠶᠢ ᠤᠷᠭᠠᠨᠢᠭ ᠢᠶᠠᠷ ᠤᠶᠠᠯᠳᠤᠭᠤᠯᠵᠤ᠂ ᠵᠤᠷᠢᠭᠲᠠᠢ ᠪᠠᠷ ᠤᠷᠤᠭᠰᠢᠯᠠᠨ ᠳᠠᠪᠰᠢᠵᠤ᠂ ᠬᠦᠴᠢᠷ ᠢ ᠰᠦᠷᠦᠨ ᠮᠡᠷᠡᠶᠢᠨ ᠴᠢᠷᠮᠠᠶᠢᠵᠤ᠂ ᠰᠢᠶᠠᠩᠭ᠋ᠠᠩ ᠤᠨ ᠠᠷᠠᠳ ᠲᠦᠮᠡᠨ ᠤ ᠢᠲᠡᠭᠡᠯ ᠢ ᠬᠦᠰᠡᠷᠳᠡᠭᠦᠯᠬᠦ ᠦᠭᠡᠢ᠂ ᠲᠦᠪ ᠤᠨ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠪᠠᠶᠢᠬᠤ ᠬᠡᠷᠡᠭᠲᠡᠢ᠃             

    ᠰᠢᠨᠬᠤᠸᠠ ᠬᠤᠷᠢᠶ᠎ᠠ   ᠪᠡᠭᠡᠵᠢᠩ ᠤᠨ 4 ᠰᠠᠷ᠎ᠠ ᠶᠢᠨ 11 ᠤ ᠴᠠᠬᠢᠯᠭᠠᠨ ᠮᠡᠳᠡᠭᠡ

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120796800