蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ᠄ ᠲᠠᠰᠤᠷᠠᠯᠲᠠ ᠦᠭᠡᠢ ᠬᠦᠴᠦ ᠤᠷᠤᠭᠤᠯᠵᠤ ᠤᠷᠲᠤ ᠬᠤᠭᠤᠴᠠᠭ᠎ᠠ ᠵᠢᠳᠬᠦᠨ ᠴᠢᠷᠮᠠᠶᠢᠵᠤ ᠡᠬᠡ ᠤᠯᠤᠰ ᠤᠨ ᠦᠵᠡᠰᠬᠦᠯᠡᠩᠲᠤ ᠰᠠᠶᠢᠬᠠᠨ ᠤᠮᠠᠷᠠᠲᠤ ᠬᠢᠵᠠᠭᠠᠷ ᠢ ᠦᠷᠭᠦᠯᠵᠢᠯᠡᠨ ᠨᠤᠭᠤᠭᠠᠷᠠᠭᠤᠯᠬᠤ ᠬᠡᠷᠡᠭᠲᠠᠢ

2017-04-13 15:39

    ᠬᠠᠪᠤᠷ ᠤᠨ ᠦᠵᠡᠮᠵᠢ ᠪᠦᠷᠢᠳᠦᠨ ᠣᠢᠢᠵᠢᠭᠤᠯᠵᠣ ᠨᠤᠭᠤᠭᠠᠷᠠᠭᠤᠯᠬᠤ ᠠᠰᠢᠭ ᠲᠠᠢ ᠴᠠᠭ ᠲᠤ ᠤᠷᠤᠯ᠎ᠠ᠃ 4 ᠰᠠᠷ᠎ᠠ ᠶᠢᠨ  12 ᠤᠨ ᠦᠳᠡ ᠶᠢᠨ ᠡᠮᠦᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ᠂ ᠦᠪᠦᠷ ᠮᠤᠩᠭ᠋ᠤᠯ ᠤᠨ ᠴᠡᠷᠢᠭ ᠤᠨ  ᠲᠤᠭᠤᠷᠢᠭ ᠤᠨ ᠺᠤᠮᠠᠨᠳᠠᠯᠠᠬᠴᠢ ᠯᠧᠩ ᠵᠢᠶᠸ ᠰᠦᠩ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠯᠢ ᠵᠢᠶᠠ ᠵᠡᠷᠭᠡ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠬᠦᠬᠡᠬᠤᠳᠠ ᠶᠢᠨ ᠰᠢᠨ᠎ᠠ ᠬᠤᠳᠠ ᠲᠤᠭᠤᠷᠢᠭ ᠤᠨ ᠪᠤᠷᠤᠬᠤᠰᠢᠭᠤ ᠪᠠᠯᠭᠠᠰᠦᠨ ᠤ ᠬᠦᠢᠰᠦ ᠲᠤᠰᠬᠤᠨ ᠳᠠᠬᠢ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠳᠤ ᠬᠦᠷᠴᠤ᠂ ᠡᠯ᠎ᠠ ᠡᠳᠡᠭᠡᠳ ᠤᠨ ᠤᠯᠠᠨ ᠲᠦᠮᠡᠨ ᠲᠠᠢ ᠬᠠᠮᠳᠤᠪᠡᠷ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠪᠠ᠃ ᠯᠢ ᠵᠢᠢ ᠾᠧᠩ ᠴᠢᠬᠤᠯᠠᠴᠢᠯᠠᠬᠰᠠᠨ ᠨᠢ᠂ ᠮᠤᠳᠤ ᠲᠠᠷᠢᠵᠤ ᠤᠢᠢᠵᠢᠭᠤᠯᠬᠤ ᠶᠠᠪᠤᠳᠠᠯ ᠪᠤᠯ ᠭᠠᠪᠢᠶ᠎ᠠ ᠨᠢ ᠤᠳᠤ ᠳᠤ᠂ ᠠᠰᠢᠭ ᠳᠣᠰᠠ ᠨᠢ ᠠᠯᠣᠰ ᠬᠡᠳᠦ ᠳᠤ ᠬᠤᠯᠪᠤᠭᠳᠠᠭᠰᠠᠨ ᠤᠢᠢᠯᠡᠰ ᠪᠤᠯᠤᠨ᠎ᠠ᠂ ᠡᠷᠬᠡᠪᠰᠢ ᠴᠦᠬᠦᠷᠡᠯ ᠦᠭᠡᠢ ᠪᠠᠷᠢᠮᠳᠠᠯᠠᠵᠣ᠂ ᠰᠤᠯᠠᠷᠠᠭᠤᠯᠤᠯ ᠦᠭᠡᠢ ᠠᠳᠬᠤᠵᠤ᠂ ᠰᠠᠭᠤᠷᠢ ᠰᠠᠭᠤᠷᠢ ᠴᠢᠬᠢ ᠮᠤᠳᠤ ᠲᠠᠷᠢᠵᠦ ᠬᠦᠪᠡᠭᠡ ᠬᠢᠵᠠᠭᠠᠷ ᠦᠭᠡᠢ ᠤᠢ ᠪᠤᠯᠭᠠᠨ ᠤᠢᠢᠵᠢᠭᠤᠯᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠳᠣ ᠪᠠᠬᠢ ᠴᠤᠭᠴᠠᠯᠠᠬᠤ ᠬᠡᠷᠡᠭᠳᠡᠢ ᠬᠡᠪᠡ᠃

    ᠳᠦᠷᠪᠡᠨ ᠰᠠᠷ᠎ᠠ ᠶᠢᠨ ᠲᠠᠯᠠᠨ ᠬᠠᠷ᠎ᠠ ᠠᠭᠤᠯᠠᠨ ᠳᠤ ᠬᠠᠪᠤᠷ ᠤᠨ ᠤᠷᠢ ᠪᠢᠯᠬᠠᠨ᠂ ᠬᠠᠮᠤᠭ ᠪᠤᠳᠠᠰ ᠠᠮᠢᠯᠠᠨ ᠰᠡᠷᠭᠦᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠳᠤ ᠬᠦᠮᠦᠨ ᠤ ᠲᠠᠯᠠᠢ ᠴᠠᠯᠬᠢᠯᠠᠨ᠂ ᠲᠡᠷᠭᠡ ᠬᠦᠰᠭᠡ ᠵᠦᠷᠢᠯᠳᠦᠵᠤ᠂ ᠲᠦᠪ ᠬᠤᠳᠠ ᠶᠢᠨ ᠺᠠᠳ᠋ᠷ ᠤᠯᠠᠨ ᠲᠦᠮᠡᠨ᠂ ᠦᠪᠦᠷ ᠮᠤᠩᠭ᠋ᠤᠯ ᠤᠨ ᠴᠡᠷᠢᠭ ᠤᠨ ᠲᠤᠭᠤᠷᠢᠭ ᠤᠨ ᠲᠠᠷᠤᠭ᠎ᠠ ᠪᠠᠶᠢᠯᠳᠤᠬᠴᠢᠳ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠠᠳᠡ ᠮᠤᠳᠤ ᠲᠠᠷᠢᠨ ᠶᠠᠭᠠᠷᠠᠯᠳᠣᠨ᠎ᠠ᠃

    ᠦᠳᠡ ᠶᠢᠨ ᠡᠮᠦᠨᠡᠬᠢ 9 ᠴᠠᠭ 40 ᠮᠢᠨᠦ᠋ᠲ ᠲᠤ᠂ ᠯᠢ ᠵᠢᠢ ᠾᠧᠩ᠂ ᠪᠦ᠋ ᠰᠢᠶᠤᠤ ᠯᠢᠨ᠂ ᠷᠧᠨ ᠶᠠ ᠫᠢᠩ᠂ ᠯᠧᠩ ᠵᠢᠶᠸ ᠰᠦᠩ᠂ ᠯᠢ ᠵᠢᠶᠠ ᠵᠡᠷᠭᠡ ᠨᠠᠮ ᠵᠠᠰᠠᠭ ᠴᠡᠷᠢᠭ ᠤᠨ ᠤᠳᠤᠷᠢᠳᠤᠯᠭ᠎ᠠ ᠮᠠᠰᠢᠨ ᠲᠡᠷᠭᠡᠨ ᠠᠴᠠ ᠪᠠᠭᠤᠮᠠᠬᠴᠠ ᠲᠡᠳᠡᠨ ᠤ ᠲᠡᠷᠭᠡᠳᠡ ᠬᠦᠷᠴᠤ᠂ ᠤᠯᠠᠨ ᠲᠠᠢ ᠬᠠᠮᠳᠤ ᠬᠦᠷᠵᠡ ᠡᠷᠭᠢᠭᠦᠯᠦᠨ ᠨᠦᠭᠡ ᠮᠠᠯᠳᠠᠵᠣ᠂ ᠴᠢᠬᠢ ᠮᠤᠳᠤ ᠰᠠᠭᠤᠯᠭᠠᠵᠣ᠂ ᠰᠠᠭᠤᠯᠠᠭ᠎ᠠ ᠪᠠᠷᠢᠵᠦ ᠤᠰᠤᠯᠠᠨ᠂ ᠠᠵᠢᠯ ᠤᠨ ᠡᠮᠬᠢ ᠲᠠᠷᠠᠭᠠᠯᠠᠯ ᠪᠦᠷᠢ ᠶᠢ ᠠᠯᠳᠠᠯ ᠦᠭᠡᠢ ᠬᠦᠢᠴᠡᠳᠭᠡᠨ᠎ᠠ᠃ ᠯᠢ ᠵᠢᠢ ᠾᠧᠩ ᠨᠢᠭᠡ ᠯᠡ ᠳᠡᠭᠡᠷ᠎ᠡ 18 ᠰᠠᠭᠤᠷᠢ ᠴᠢᠬᠢ ᠮᠤᠳᠤ ᠵᠠᠶᠢᠯᠠᠵᠣ᠂ ᠬᠠᠯᠠᠭᠤᠨ ᠬᠦᠯᠦᠰᠦ ᠬᠠᠴᠠᠷ ᠢ ᠨᠢ ᠲᠠᠭᠠᠨ ᠤᠷᠤᠰᠴᠤ᠂ ᠬᠦᠳᠡᠯᠮᠤᠷᠢ ᠶᠢᠨ ᠪᠠᠶᠠᠷ ᠪᠠᠶᠠᠰᠤᠯ ᠴᠢᠷᠠᠢ ᠳᠤᠨᠢ ᠲᠤᠳᠤᠷᠠᠨ᠎ᠠ᠃     

    ᠯᠢ ᠵᠢᠢ ᠾᠧᠩ ᠮᠤᠳᠤ ᠲᠠᠷᠢᠬᠰᠠᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠲᠠᠢ ᠲᠤᠳᠤᠨᠤ ᠪᠠᠷ ᠶᠠᠷᠢᠯᠴᠠᠵᠤ᠂ ᠲᠡᠳᠡᠨ ᠢ ᠨᠢᠯᠬ᠎ᠠ ᠮᠤᠳᠤ ᠰᠢᠭ ᠡᠷᠡᠭᠦᠯ ᠢᠶᠠᠷ ᠦᠰᠦᠨ ᠪᠤᠶᠢᠵᠢᠭᠠᠷᠠᠢ ᠭᠡᠵᠦ ᠵᠤᠷᠢᠬᠵᠢᠭᠤᠯᠪᠠ᠃ ᠮᠤᠳᠤ ᠲᠠᠷᠢᠬᠤ ᠳᠤ ᠤᠷᠤᠯᠴᠠᠬᠰᠠᠨ ᠺᠠᠳ᠋ᠷ ᠤᠯᠠᠨ ᠲᠦᠮᠡᠨ ᠲᠠᠢ ᠬᠦᠳᠡᠯᠮᠤᠷᠢᠯᠡᠭᠦ ᠶᠢᠨ ᠲᠠᠭᠠᠤ ᠪᠤᠳᠤᠯ ᠰᠠᠨᠠᠯ ᠢᠶᠠᠨ ᠰᠤᠯᠢᠯᠴᠠᠵᠤ᠂ ᠦᠪᠡᠷᠳᠡᠭᠡᠨ ᠵᠠᠰᠠᠬᠤ ᠤᠷᠤᠨ ᠪᠠ ᠣᠷᠣᠨ ᠤ ᠲᠦᠪ ᠬᠤᠳᠠ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠮᠤᠳᠤ ᠲᠠᠷᠢᠬᠤ ᠨᠢ ᠲᠠᠷᠤᠢ ᠬᠦᠰᠡᠯ ᠲᠠᠷᠢᠵᠤ ᠪᠠᠶᠢᠭ᠎ᠠ ᠶᠠᠪᠤᠳᠠᠯ ᠪᠣᠯᠣᠨ᠎ᠠ᠂ ᠪᠤᠬᠢᠷᠳᠦᠯ ᠦᠭᠡᠢ ᠬᠦᠭ᠍ᠵᠢᠯᠳᠡ ᠶᠢᠨ ᠤᠢᠢᠯᠠᠭᠠᠬᠳᠠᠬᠤᠨ ᠪᠠ ᠠᠮᠢ ᠠᠬᠤᠢ ᠶᠢᠨ ᠪᠤᠯᠪᠠᠰᠤᠨ ᠤ ᠤᠬᠠᠮᠰᠠᠷ ᠢ ᠪᠠᠳᠤ ᠪᠠᠬᠢ ᠪᠤᠢ ᠪᠤᠯᠭᠠᠨ᠂ ᠨᠠᠮ ᠵᠠᠰᠠᠭ ᠴᠡᠷᠢᠭ ᠠᠷᠠᠳ ᠰᠤᠷᠤᠬᠴᠢᠳ ᠬᠠᠮᠳᠤᠪᠡᠷ ᠤᠷᠤᠯᠴᠠᠨ᠂ ᠴᠤᠭᠭᠠᠷ ᠬᠦᠳᠡᠯᠦᠯᠴᠡᠵᠤ᠂ ᠮᠤᠳᠤ ᠲᠠᠷᠢᠵᠤ ᠤᠢᠢᠵᠢᠭᠤᠯᠬᠤ ᠪᠠ ᠤᠷᠴᠢᠨ ᠲᠤᠭᠤᠷᠢᠨ ᠢ ᠨᠤᠭᠤᠭᠠᠷᠠᠭᠤᠯᠬᠤ ᠭᠤᠶᠤᠵᠢᠭᠤᠯᠬᠤ ᠠᠵᠢᠯ ᠢ ᠴᠦᠭᠦᠷᠡᠯ ᠦᠭᠡᠢ ᠰᠠᠶᠢᠳᠤᠷ ᠬᠢᠭᠦ ᠬᠡᠷᠡᠭᠳᠡᠢ ᠬᠡᠵᠡᠢ᠃      

    ᠪᠠᠴᠢᠮ ᠶᠠᠭᠠᠷᠠᠯᠳᠠᠢ ᠬᠦᠳᠡᠯᠮᠤᠷᠢ ᠪᠠᠷ ᠲᠠᠮᠵᠢᠨ᠂ 1200 ᠰᠠᠭᠤᠷᠢ ᠰᠢᠨ᠎ᠠ ᠪᠠᠷ ᠵᠠᠶᠢᠯᠠᠭᠰᠠᠨ ᠭᠠᠴᠤᠷ᠎ᠠ᠂ ᠵᠠᠭᠠᠷᠳᠣ ᠨᠠᠷᠠᠰᠣ᠂ ᠵᠡᠷᠯᠢᠭ᠌᠌ ᠲᠤᠭᠤᠷ ᠰᠠᠯᠬᠢ ᠰᠦᠷᠦᠨ ᠰᠡᠭᠦ᠋ᠢᠵᠤ᠂ ᠵᠣᠷᠪᠣᠰ ᠵᠣᠷᠪᠣᠰ ᠨᠤᠭᠤᠭᠠᠨ ᠦᠩᠭᠡ ᠭᠠᠵᠠᠷ ᠤᠨ ᠪᠠᠶᠢᠴᠠ ᠶᠢ ᠲᠠᠭᠠᠨ ᠰᠤᠨᠤᠯᠵᠡᠵᠤ᠂ ᠲᠠᠯᠠᠨ ᠬᠠᠷ᠎ᠠ ᠠᠭᠤᠯᠠ ᠶᠢᠨ ᠡᠮᠦᠨ᠎ᠠ ᠪᠡᠯ ᠢ ᠠᠮᠢ ᠠᠮᠢᠵᠢᠷᠠᠯ ᠢᠶᠠᠷ ᠪᠢᠯᠬᠠᠭᠤᠯᠣᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ᠂ ᠦᠪᠦᠷ ᠮᠤᠩᠭ᠋ᠤᠯ ᠤᠨ ᠴᠡᠷᠢᠭ ᠤᠨ ᠲᠤᠭᠤᠷᠢᠭ᠂ ᠦᠪᠦᠷ ᠮᠤᠩᠭ᠋ᠤᠯ ᠤᠨ ᠲᠤᠳᠤᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠬᠡᠢ ᠠᠩᠬᠢ ᠶᠢᠨ ᠤᠳᠤᠷᠢᠳᠤᠯᠭ᠎ᠠ ᠵᠢᠴᠢ ᠦᠪᠡᠷᠳᠡᠭᠡᠨ ᠵᠠᠰᠠᠬᠤ ᠤᠷᠤᠨ᠂ ᠬᠦᠬᠡᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠤᠨ ᠲᠦᠯᠦᠭᠡᠯᠡᠭᠴᠢᠳ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120804207