蒙古文网站Logo
ᠰᠢᠨᠬᠤᠸᠠ ᠮᠤᠩᠭ᠋ᠤᠯ ᠨᠧᠲ

ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠸᠠᠩ ᠯᠢ ᠵᠢᠶᠦ᠋ᠨ ᠤ ᠲᠦᠯᠦᠪᠦᠷᠢ ᠶᠢᠨ ᠭᠤᠶᠤᠴᠢᠯᠠᠯ ᠢ ᠬᠦᠯᠢᠶᠡᠨ ᠠᠪᠬᠤ ᠪᠡᠷ ᠲᠤᠭᠲᠠᠵᠠᠢ

2017-04-13 17:02

    ᠰᠢᠨᠬᠤᠧᠠ ᠬᠤᠷᠢᠶ᠎ᠠ    ᠬᠦᠬᠡᠬᠤᠲᠠ ᠶᠢᠨ 4 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠵᠢᠯᠠᠭᠴᠢ ᠯᠢᠤ ᠢ ᠳ᠋ᠧ᠂ ᠸᠧᠢ ᠵᠢᠩ ᠢᠤᠢ) ᠰᠤᠷᠪᠤᠵᠢᠯᠠᠭᠴᠢ 12 ᠤᠨ ᠡᠳᠦᠷ᠂ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠳᠤᠰ ᠲᠤᠪᠴᠢᠶ᠎ᠠ ᠨᠢ ᠲᠤᠬᠠᠢ ᠶᠢᠨ ᠡᠳᠦᠷ᠂ ᠸᠠᠩ ᠯᠢ ᠵᠢᠶᠦ᠋ᠨ ᠤ ᠲᠦᠯᠦᠪᠦᠷᠢ ᠶᠢᠨ ᠭᠤᠶᠤᠴᠢᠯᠠᠯ ᠢ ᠬᠦᠯᠢᠶᠡᠨ ᠠᠪᠬᠤ ᠪᠡᠷ ᠲᠤᠭᠲᠠᠵᠠᠢ᠃

    ᠪᠠᠶᠠᠨᠨᠠᠭᠤᠷ ᠬᠤᠲᠠ ᠶᠢᠨ ᠲᠠᠷᠢᠶᠠᠴᠢᠨ ᠸᠠᠩ ᠯᠢ ᠵᠢᠶᠦ᠋ᠨ ᠬᠡᠷᠡᠴᠢᠯᠡᠬᠡ ᠦᠭᠡᠢ ᠪᠡᠷ ᠡᠷᠳᠡᠨᠢ ᠰᠢᠰᠢ ᠬᠤᠳᠠᠯᠳᠤᠭᠠᠯᠠᠭᠰᠠᠨ ᠡᠴᠡ 2016 ᠤᠨ ᠤ 4 ᠰᠠᠷ᠎ᠠ ᠶᠢᠨ 15 ᠤ ᠡᠳᠦᠷ᠂ ᠬᠠᠤᠯᠢ ᠪᠤᠰᠤ ᠡᠵᠡᠩᠨᠡᠯᠳᠡ ᠶᠢᠨ ᠶᠠᠯ᠎ᠠ ᠳᠦ ᠤᠨᠤᠭᠠᠭᠳᠠᠵᠤ᠂ ᠬᠤᠵᠢᠮ ᠨᠢ ᠳᠠᠬᠢᠨ ᠶᠠᠯ᠎ᠠ ᠦᠭᠡᠢ ᠪᠡᠷ ᠰᠢᠬᠦᠨ ᠲᠠᠰᠤᠯᠠᠭᠤᠯᠵᠠᠢ᠃

    ᠸᠠᠩ ᠯᠢ ᠵᠢᠶᠦ᠋ᠨ 10 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠪᠠ ᠪᠠᠶᠠᠨᠨᠠᠭᠤᠷ ᠬᠤᠲᠠ ᠶᠢᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠶᠢᠨ ᠯᠢᠨ ᠾᠧ ᠲᠤᠭᠤᠷᠢᠭ ᠳ᠋ᠡᠬᠢ ᠰᠠᠯᠪᠤᠷᠢ ᠲᠤᠪᠴᠢᠶ᠎ᠠ ᠳᠦ ᠲᠤᠰ ᠪᠦᠷᠢ《ᠤᠯᠤᠰ ᠤᠨ ᠡᠷᠡᠭᠦᠤ ᠶᠢᠨ ᠬᠡᠷᠡᠭ ᠤᠨ ᠲᠦᠯᠦᠪᠦᠷᠢ ᠤᠨ ᠭᠤᠶᠤᠴᠢᠯᠠᠯ ᠤᠨ ᠪᠢᠴᠢᠭ᠌》ᠲᠤᠰᠢᠶᠠᠵᠤ᠂ 388891.5 ᠲᠦᠭᠦᠷᠢᠭ ᠤᠨ ᠲᠦᠯᠦᠪᠦᠷᠢ ᠠᠪᠤᠨ᠎ᠠ ᠬᠡᠵᠤ ᠭᠤᠶᠤᠴᠢᠯᠠᠵᠠᠢ᠃ ᠡᠭᠦᠨ ᠳᠦ᠂ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ ᠤᠨ ᠳᠤᠲᠤᠭᠠᠳᠤ ᠢᠢ ᠬᠠᠮᠠᠭᠠᠯᠠᠬᠤ ᠲᠤᠪᠴᠢᠶ᠎ᠠ ᠡᠴᠡ ᠨᠡᠶᠢᠳᠡ 179211.5 ᠲᠦᠭᠦᠷᠢᠭ ᠤᠨ ᠲᠦᠯᠦᠪᠦᠷᠢ ᠠᠪᠬᠤ ᠪᠡᠷ ᠭᠤᠶᠤᠴᠢᠯᠠᠭᠰᠠᠨ ᠪᠠᠶᠢᠨ᠎ᠠ᠃ ᠡᠭᠦᠨ ᠤ ᠲᠤᠲᠤᠷ᠎ᠠ᠂ ᠪᠡᠶ᠎ᠡ ᠶᠢᠨ ᠡᠷᠬᠡ ᠴᠢᠯᠦᠭᠡᠨ ᠳᠦ ᠬᠠᠯᠳᠠᠭᠰᠠᠨ ᠳᠦᠯᠦᠪᠦᠷᠢ 1211.5 ᠲᠦᠭᠦᠷᠢᠭ᠂ ᠤᠶᠤᠨ ᠰᠠᠨᠠᠭᠠᠨ ᠤ ᠬᠤᠬᠢᠷᠠᠯ ᠤᠨ ᠲᠤᠬᠤᠨᠢᠭᠤᠯᠭ᠎ᠠ ᠶᠢᠨ ᠳᠦᠯᠦᠪᠦᠷᠢ 80000 ᠲᠦᠭᠦᠷᠢᠭ᠂ ᠡᠷᠡᠭᠦᠦ ᠶᠢᠨ ᠬᠠᠷᠢᠭᠤᠴᠠᠯᠭ᠎ᠠ ᠡᠨᠳᠡᠭᠦᠦ ᠨᠡᠬᠡᠮᠵᠢᠯᠡᠭᠰᠡᠨ ᠡᠴᠡ ᠪᠤᠯᠤᠭᠰᠠᠨ ᠡᠳ᠋ ᠤᠨ ᠵᠠᠰᠠᠭ ᠤᠨ ᠰᠢᠭᠤᠳ ᠬᠤᠬᠢᠷᠠᠯ ᠤᠨ ᠳᠦᠯᠦᠪᠦᠷᠢ 98000 ᠲᠦᠭᠦᠷᠢᠭ ᠢ ᠪᠠᠭᠲᠠᠭᠠᠨ᠎ᠠ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ  ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120805479