蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠬᠦᠬᠡᠬᠤᠳᠠ ᠳᠤ ᠠᠵᠢᠯ ᠰᠢᠯᠭᠠᠪᠠ

2017-04-19 11:34

    4 ᠰᠠᠷ᠎ᠠ ᠶᠢᠨ 16 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠶᠢᠨ ᠬᠡᠰᠡᠭ ᠰᠤᠷᠭᠠᠭᠤᠯᠢ ᠪᠠᠷ ᠬᠦᠷᠴᠦ ᠠᠵᠢᠯ ᠰᠢᠯᠭᠠᠬᠤ ᠳᠤ ᠪᠡᠨ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠪᠣᠯᠣᠨ ᠦᠨᠳᠦᠰᠦᠳᠡᠨ ᠤ ᠲᠤᠬᠠᠢ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠤᠳᠤᠭᠠᠳᠦ ᠠᠭᠤᠯᠬᠤᠨ ᠤ ᠪᠠᠶᠢᠭᠤᠯᠤᠯᠳᠠ ᠶᠢ ᠴᠢᠩᠭᠠᠳᠬᠠᠨ᠂ ᠵᠢᠭᠠᠨ ᠰᠣᠷᠭᠠᠬᠤ ᠶᠠᠰᠦ ᠴᠢᠨᠠᠷ ᠪᠤᠯᠤᠨ ᠰᠤᠷᠭᠠᠭᠤᠯᠢ ᠡᠷᠬᠢᠯᠡᠭᠦ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠠᠷᠠᠳ ᠲᠦᠮᠡᠨ ᠳᠤ ᠲᠠᠭᠠᠰᠢᠶᠠᠬᠳᠠᠬᠰᠠᠨ ᠰᠤᠷᠭᠠᠨ ᠬᠦᠮᠦᠵᠢᠯ ᠢ ᠴᠢᠷᠮᠠᠶᠢᠨ ᠰᠠᠶᠢᠳᠤᠷ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠪᠡ᠃

    ᠬᠦᠬᠡᠬᠤᠳᠠ ᠦᠨᠳᠦᠰᠦᠳᠡᠨ ᠤ ᠲᠡᠭᠡᠳᠦ ᠰᠤᠷᠭᠠᠭᠤᠯᠢ ᠪᠤᠯ ᠦᠪᠡᠷᠳᠡᠭᠡᠨ ᠵᠠᠰᠠᠬᠤ ᠤᠷᠤᠨ ᠠᠴᠠ ᠬᠠᠮᠤᠭ ᠤᠨ ᠡᠷᠳᠡ ᠪᠠᠶᠢᠭᠤᠯᠤᠬᠰᠠᠨ ᠦᠨᠳᠦᠰᠦᠳᠡᠨ ᠤ ᠳᠡᠭᠡᠳᠦ ᠰᠤᠷᠭᠠᠭᠤᠯᠢ ᠪᠤᠯᠤᠨ᠎ᠠ᠃ ᠬᠦᠬᠡᠬᠤᠳᠠ ᠦᠨᠳᠦᠰᠦᠳᠡᠨ ᠤ ᠲᠡᠭᠡᠳᠦ ᠰᠤᠷᠭᠠᠭᠤᠯᠢ ᠳᠤ᠂ ᠪᠦ᠋ ᠰᠢᠶᠤᠤ ᠯᠢᠨ ᠲᠡᠭᠡᠳᠦ ᠰᠤᠷᠭᠠᠭᠤᠯᠢ ᠶᠢᠨ ᠤᠯᠤᠰ ᠤᠨ ᠦᠭᠡ ᠬᠡᠯᠡᠨ ᠤ ᠡᠬᠢ ᠪᠠᠶᠠᠯᠢᠭ ᠢ ᠬᠢᠨᠠᠨ ᠬᠡᠮᠵᠢᠭᠦ ᠬᠢᠭᠡᠳ ᠴᠦᠭᠡᠨ ᠲᠤᠭᠠᠳᠦ ᠦᠨᠳᠦᠰᠦᠳᠡᠨ ᠤ ᠦᠭᠡ ᠬᠡᠯᠡ ᠶᠢ ᠰᠤᠳᠤᠯᠬᠤ ᠲᠦᠪ ᠤᠨ ᠮᠤᠩᠭᠤᠯ ᠬᠡᠯᠡᠨ ᠤ ᠰᠠᠭᠤᠷᠢᠨ ᠤ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠤ᠂ ᠲᠡᠭᠡᠳᠦ ᠰᠤᠷᠭᠠᠭᠤᠯᠢ ᠶᠢᠨ ᠬᠢᠨ ᠢ ᠰᠤᠷᠭᠠᠭᠤᠯᠢ ᠡᠷᠬᠢᠯᠡᠭᠦ ᠶᠠᠪᠤᠴᠠ ᠳᠠᠭᠠᠨ ᠦᠨᠳᠦᠰᠦᠳᠡᠨ᠂ ᠤᠷᠤᠨ ᠪᠦᠰᠡ ᠪᠠ ᠬᠡᠷᠡᠭᠯᠡᠭᠡᠨ ᠤ ᠴᠢᠨᠠᠷ ᠤᠨ ᠤᠨᠴᠠᠯᠢᠭ ᠢ ᠴᠢᠬᠤᠯᠠᠴᠢᠯᠠᠵᠤ᠂ ᠦᠨᠳᠦᠰᠦᠳᠡᠨ ᠤ ᠰᠤᠶᠤᠯ ᠢ ᠤᠯᠠᠮᠵᠢᠯᠡᠨ ᠬᠦᠭᠵᠢᠭᠦᠯᠭᠦ ᠶᠢ ᠬᠦᠰᠡᠪᠡ᠃ ᠬᠦᠬᠡᠬᠤᠳᠠ ᠶᠢᠨ ᠮᠤᠩᠭᠤᠯ ᠰᠤᠷᠭᠠᠭᠤᠯᠢ ᠪᠤᠯ ᠪᠦᠬᠦ ᠬᠤᠳᠠ ᠶᠢᠨ ᠴᠤᠷ ᠤᠨ ᠭᠠᠭᠴᠠ ᠴᠣᠯ ᠮᠤᠩᠭᠤᠯ ᠢᠶᠠᠷ ᠬᠢᠴᠢᠶᠡᠯᠯᠡᠭᠦ ᠦᠨᠳᠦᠰᠦᠳᠡᠨ ᠤ ᠰᠤᠷᠭᠠᠭᠤᠯᠢ ᠪᠤᠯᠤᠨ᠎ᠠ᠃ ᠪᠦ᠋ ᠰᠢᠶᠤᠤ ᠯᠢᠨ ᠰᠤᠷᠭᠠᠭᠤᠯᠢ ᠶᠢᠨ ᠮᠤᠩᠭᠤᠯ ᠦᠨᠳᠦᠰᠦᠳᠡᠨ ᠤ ᠵᠠᠩ ᠦᠢᠯᠡ ᠶᠢᠨ ᠰᠤᠶᠤᠯ ᠤᠨ ᠤᠷᠳᠤᠨ᠂ ᠰᠤᠷᠭᠠᠭᠤᠯᠢ ᠶᠢᠨ ᠲᠡᠤᠭᠡ ᠶᠢᠨ ᠤᠷᠳᠤᠨ᠂ ᠢ ᠹᠦ᠋ ᠠᠰᠠᠷ ᠢᠶᠠᠷ ᠬᠦᠷᠴᠤ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠪᠠᠶᠢᠳᠠᠯ ᠢ ᠤᠢᠢᠯᠠᠭᠠᠪᠠ᠃ᠰᠤᠷᠤᠬᠴᠢᠳ ᠤᠨ ᠨᠡᠶᠢᠳᠡᠮ ᠤᠨ ᠬᠡᠷᠡᠭᠯᠡᠭᠡᠨ ᠤ ᠮᠡᠷᠭᠡᠵᠢᠯ ᠤᠨ ᠬᠢᠴᠢᠶᠡᠯ ᠤᠨ ᠬᠡᠷ ᠲᠤ᠂ ᠪᠦ᠋ ᠰᠢᠶᠤᠤ ᠯᠢᠨ ᠰᠤᠷᠤᠬᠴᠢᠳ ᠲᠠᠢ ᠲᠤᠳᠤᠨᠤ ᠪᠠᠷ ᠰᠠᠨᠠᠯ ᠪᠤᠳᠤᠯ ᠢᠶᠠᠨ ᠰᠤᠯᠢᠯᠴᠠᠵᠤ᠂ ᠲᠡᠳᠡᠨᠡᠷ ᠢ ᠢᠯᠡᠭᠦᠦ ᠰᠤᠷᠤᠯᠴᠠᠵᠤ᠂ ᠢᠯᠡᠭᠦᠭᠡᠨ ᠭᠠᠷ ᠬᠦᠳᠡᠯᠵᠤ᠂ ᠦᠢᠯᠡᠳᠦᠯᠭᠡ ᠶᠢ ᠬᠦᠨᠳᠦᠳᠭᠡᠷᠡᠢ ᠬᠡᠵᠤ ᠵᠤᠷᠢᠬᠵᠢᠭᠤᠯᠪᠠ᠃ ᠲᠡᠷᠡ᠂ ᠬᠦᠬᠡᠬᠤᠳᠠ ᠶᠢᠨ ᠮᠤᠩᠭᠤᠯ ᠰᠤᠷᠭᠠᠭᠤᠯᠢ ᠤᠯᠤᠰ ᠪᠠ ᠦᠪᠡᠷᠳᠡᠭᠡᠨ ᠵᠠᠰᠠᠬᠤ ᠤᠷᠤᠨ ᠳᠤ ᠶᠡᠭᠡ ᠬᠡᠮᠵᠢᠶᠡᠨ ᠤ ᠴᠦᠭᠡᠨ ᠲᠤᠭᠠᠳᠦ ᠦᠨᠳᠦᠰᠦᠳᠡᠨ ᠤ ᠴᠢᠳᠠᠪᠤᠷᠢᠳᠠᠨ ᠢ ᠬᠦᠮᠦᠵᠢᠭᠦᠯᠦᠨ ᠦᠭᠴᠠᠢ᠃ ᠰᠤᠷᠭᠠᠭᠤᠯᠢ ᠶᠢᠨ ᠬᠢᠨ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠤᠨ᠂ ᠲᠠᠪᠠᠭᠤᠯᠢᠭ ᠢᠶᠠᠨ ᠪᠠᠳᠠᠷᠠᠭᠤᠯᠵᠤ᠂ ᠠᠬᠠᠮᠠᠳ ᠨᠢᠭᠡ ᠦᠶ᠎ᠠ ᠶᠢᠨ ᠬᠤᠪᠢᠰᠬᠠᠯᠴᠢᠳ ᠤᠨ ᠬᠦᠨᠳᠦ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠴᠠᠭ ᠦᠶ᠎ᠠ ᠶᠢ ᠲᠠᠭᠠᠨ ᠪᠦᠬᠦ ᠳᠠᠯ᠎ᠠ ᠪᠠᠷ ᠣᠷᠣᠭᠰᠢᠯᠠᠵᠣ᠂ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢ ᠲᠦᠷᠭᠡᠳᠭᠡᠭᠦ ᠳᠤ ᠬᠦᠴᠦᠨ ᠴᠢᠳᠠᠯ ᠢᠶᠠᠨ ᠡᠷᠭᠦᠭᠦ ᠶᠢ ᠬᠦᠰᠡᠵᠤ ᠪᠠᠶᠢᠨ᠎ᠠ ᠬᠡᠪᠡ᠃

    ᠦᠪᠦᠷ ᠮᠤᠩᠭᠤᠯ ᠤᠨ ᠶᠡᠭᠡ ᠰᠤᠷᠭᠠᠭᠤᠯᠢ ᠪᠤᠯ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ ᠤ ᠲᠠᠷᠠᠭ᠎ᠠ ᠨᠠᠮ ᠪᠤᠯᠤᠨ ᠤᠯᠤᠰ ᠠᠴᠠ ᠴᠦᠭᠡᠨ ᠲᠤᠭᠠᠳᠦ ᠦᠨᠳᠦᠰᠦᠳᠡᠨ ᠤ ᠤᠷᠤᠨ ᠳᠤ ᠪᠠᠶᠢᠭᠤᠯᠤᠬᠰᠠᠨ ᠠᠩᠬᠠᠳᠠᠬᠴᠢ ᠶᠡᠷᠦᠩᠬᠡᠶᠢᠯᠡᠭᠰᠡᠨ ᠶᠡᠭᠡ ᠰᠤᠷᠭᠠᠭᠤᠯᠢ ᠪᠤᠯᠤᠨ᠎ᠠ᠃ ᠪᠦ᠋ ᠰᠢᠶᠤᠤ ᠯᠢᠨ ᠤᠷᠢᠳ ᠬᠤᠵᠢᠳ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠵᠦᠢ ᠶᠢᠨ ᠲᠡᠭᠡᠳᠦ ᠰᠤᠷᠭᠠᠭᠤᠯᠢ᠂ ᠨᠤᠮ ᠤᠨ ᠰᠠᠩ᠂ ᠲᠤᠷᠰᠢᠯᠳᠠ ᠶᠢᠨ ᠠᠮᠢᠳᠠᠨ ᠤ ᠰᠤᠳᠤᠯᠭᠠᠨ ᠤ ᠲᠦᠪ ᠢᠶᠠᠷ ᠬᠦᠷᠴᠤ᠂ ᠴᠢᠳᠠᠪᠤᠷᠢᠳᠠᠨ ᠢ ᠬᠦᠮᠦᠵᠢᠭᠦᠯᠭᠦ ᠪᠠ ᠤᠷᠤᠭᠤᠯᠤᠨ ᠠᠪᠴᠢᠷᠠᠬᠤ᠂ ᠰᠢᠨᠵᠢᠯᠡᠭᠦ ᠤᠬᠠᠭᠠᠨ ᠤ ᠰᠤᠳᠤᠯᠭᠠᠨ᠂ ᠲᠤᠷᠰᠢᠯᠳᠠ ᠶᠢᠨ ᠲᠦᠭᠦᠭᠡᠷᠦᠮᠵᠢ᠂ ᠮᠤᠩᠭᠤᠯ ᠦᠨᠳᠦᠰᠦᠳᠡᠨ ᠤ ᠡᠷᠳᠡᠨ ᠤ ᠰᠤᠳᠤᠷ ᠢ ᠬᠤᠷᠢᠶᠠᠨ ᠬᠠᠳᠠᠭᠠᠯᠠᠵᠣ ᠪᠠᠶᠢᠭ᠎ᠠ ᠵᠡᠷᠭᠡ ᠪᠠᠶᠢᠳᠠᠯ ᠢ ᠨᠠᠷᠢᠨ ᠤᠢᠢᠯᠠᠭᠠᠵᠤ᠂ ᠮᠤᠵᠢ ᠶᠠᠮᠤᠨ ᠬᠠᠮᠳᠤᠪᠡᠷ ᠪᠠᠶᠢᠭᠤᠯᠵᠣ ᠪᠠᠶᠢᠭ᠎ᠠ ᠡᠪᠡᠰᠦᠨ ᠲᠡᠵᠢᠭᠡᠯᠳᠦ ᠬᠡᠷ ᠤᠨ ᠲᠡᠵᠢᠭᠡᠪᠦᠷᠢ ᠶᠢᠨ ᠦᠷᠡᠵᠢᠯ ᠤᠨ ᠲᠤᠬᠢᠷᠠᠭᠤᠯᠤᠯᠳᠠ ᠬᠢᠭᠡᠳ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠠᠢ᠃ ᠪᠦ᠋ ᠰᠢᠶᠤᠤ ᠯᠢᠨ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠨ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠳᠠᠭᠠᠨ ᠰᠠᠭᠤᠷᠢᠯᠠᠵᠤ ᠵᠢᠭᠠᠨ ᠰᠤᠷᠭᠠᠯᠳᠠ ᠪᠠ ᠰᠢᠨᠵᠢᠯᠡᠭᠦ ᠤᠬᠠᠭᠠᠨ ᠤ ᠰᠤᠳᠤᠯᠭᠠᠨ ᠤ ᠠᠵᠢᠯ ᠢ ᠦᠷᠨᠢᠭᠦᠯᠵᠤ ᠪᠠᠶᠢᠭ᠎ᠠ ᠶᠢ ᠬᠦᠢᠴᠡᠳ ᠨᠤᠳᠠᠯᠠᠬᠤ ᠶᠢᠨ ᠬᠠᠮᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ 《ᠬᠤᠶᠠᠷ ᠲᠡᠷᠢᠭᠦᠨ 》 ᠢ᠋ᠶᠠᠷ ᠬᠠᠷᠠᠯᠳᠠ ᠪᠣᠯᠭᠠᠵᠣ᠂ ᠤᠨᠴᠠᠯᠢᠬ ᠲᠠᠢ ᠦᠨᠳᠦᠷ ᠲᠦᠪᠰᠢᠨ ᠪᠦᠬᠦᠢ ᠶᠡᠭᠡ ᠰᠤᠷᠭᠠᠭᠤᠯᠢ ᠶᠢ ᠪᠦᠳᠦᠭᠡᠨ ᠪᠠᠶᠢᠭᠤᠯᠵᠤ᠂ ᠨᠡᠩ ᠤᠯᠠᠨ ᠰᠢᠯᠢᠳᠡᠭ ᠴᠢᠳᠠᠪᠤᠷᠢᠳᠠᠨ ᠢ ᠬᠦᠮᠦᠵᠢᠭᠦᠯᠭᠦ ᠶᠢ ᠬᠦᠰᠡᠪᠡ᠃ ᠪᠦ᠋ ᠰᠢᠶᠤᠤ ᠯᠢᠨ᠂ ᠰᠤᠷᠭᠠᠨ ᠬᠦᠮᠦᠵᠢᠯ ᠪᠤᠯ ᠭᠠᠪᠢᠶ᠎ᠠ ᠨᠢ ᠤᠳᠤ ᠦᠶ᠎ᠡ ᠳᠤ ᠠᠰᠢᠭ ᠨᠢ ᠠᠯᠣᠰ ᠬᠡᠳᠦ ᠳᠤ ᠪᠠᠶᠢᠳᠠᠭ ᠦᠢᠯᠡᠰ ᠪᠤᠯᠤᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠵᠤ᠂ 《ᠠᠷᠠᠳ ᠲᠦᠮᠡᠨ ᠳᠤ ᠲᠠᠭᠠᠰᠢᠶᠠᠬᠳᠠᠬᠰᠠᠨ ᠰᠤᠷᠭᠠᠨ ᠬᠦᠮᠦᠵᠢᠯ ᠢ ᠬᠦᠭᠵᠢᠭᠦᠯᠭᠦ》 ᠦᠨᠳᠦᠷᠴᠡ ᠳᠤ ᠵᠤᠬᠰᠤᠨ᠂ ᠮᠤᠷᠠᠯ ᠢᠶᠠᠷ ᠬᠦᠮᠦᠨ ᠬᠦᠮᠦᠵᠢᠭᠦᠯᠭᠦ ᠤᠳᠤᠷᠢᠳᠤᠮᠵᠢ ᠶᠢ ᠪᠠᠷᠢᠮᠳᠠᠯᠠᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠦᠢᠯᠡᠰ ᠢ ᠰᠢᠨ᠎ᠠ ᠲᠦᠪᠰᠢᠨ ᠳᠤ ᠬᠦᠷᠳᠡᠯ᠎ᠠ ᠲᠡᠭᠡᠭᠰᠢᠯᠡᠭᠦᠯᠭᠦ ᠪᠠᠷ ᠴᠢᠷᠮᠠᠶᠢᠬᠤ ᠬᠡᠷᠡᠭᠳᠡᠢ ᠬᠡᠵᠡᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120836646